ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠵᠢᠦ ᠵᠧᠦ ᠬᠤᠸᠠ ᠶᠤᠸᠠᠨ ᠲᠣᠭᠤᠷᠢᠭ ᠲᠤ | ᠬᠦᠷᠬᠦ ᠳᠤ᠂ ᠥᠷᠭᠡᠨ ᠠᠭᠤᠳᠠᠮ ᠣᠷᠣᠨ ᠰᠠᠭᠤᠴᠠ ᠶᠢᠨ ᠠᠰᠠᠷ᠂ ᠴᠠᠷᠳᠠᠮᠠᠯ ᠵᠠᠮ᠂ ᠪᠦᠷᠢᠨ ᠲᠡᠭᠦᠯᠳᠡᠷ ᠪᠡᠶ᠎ᠡ | ᠴᠢᠭᠢᠷᠠᠭᠵᠢᠭᠤᠯᠬᠤ ᠪᠠᠭᠠᠵᠢ ᠬᠡᠷᠡᠭᠰᠡᠯ ᠨᠢ ᠬᠥᠮᠥᠰ ᠤᠨ ᠨᠢᠳᠦᠨ ᠡᠮᠦᠨ᠎ᠡ ᠬᠠᠷᠠᠭᠳᠠᠨ᠎ᠠ᠃ | ᠡᠨᠡ ᠵᠢᠯ᠂ ᠴᠠᠭᠠᠰᠤᠴᠢ ᠪᠠᠯᠭᠠᠰᠤᠨ ᠤ ᠥᠭᠡᠷᠡᠴᠢᠯᠡᠭᠰᠡᠨ ᠵᠢᠦ ᠵᠧᠦ ᠴᠡᠴᠡᠷᠯᠢᠭ ᠢ ᠪᠠᠭᠲᠠᠭᠠᠭᠰᠠᠨ 18 | ᠬᠠᠭᠤᠴᠢᠨ ᠰᠠᠭᠤᠭᠠᠯᠢ ᠲᠣᠭᠤᠷᠢᠭ ᠪᠠᠶᠢᠭᠤᠯᠤᠯᠳᠠ ᠪᠠᠨ ᠦᠨᠳᠦᠰᠦᠨ ᠳᠡᠭᠡᠨ 2000 ᠣᠨ ᠤ ᠡᠮᠦᠨ᠎ᠡ ᠬᠤᠶᠢᠨ᠎ᠠ | ᠲᠥᠪᠯᠡᠷᠡᠵᠦ᠂ ᠬᠠᠮᠤᠭ ᠡᠷᠲᠡ ᠪᠠᠶᠢᠭᠤᠯᠤᠭᠳᠠᠭᠰᠠᠨ ᠰᠠᠭᠤᠭᠠᠯᠢ ᠲᠣᠭᠤᠷᠢᠭ ᠢ 1995 ᠣᠨ ᠳᠤ ᠪᠠᠶᠢᠭᠤᠯᠵᠠᠢ᠃ | 20 ᠭᠠᠷᠤᠶ ᠵᠢᠯ ᠤᠨ ᠬᠤᠭᠤᠴᠠᠭᠠᠨ ᠳᠤ᠂ ᠡᠲᠡᠭᠡᠷ ᠵᠢᠵᠢᠭ ᠲᠣᠭᠤᠷᠢᠭ ᠨᠢ ᠠᠳᠠᠯᠢ ᠪᠤᠰᠤ ᠬᠡᠮᠵᠢᠶᠡᠨ ᠳᠡᠭᠡᠷ᠎ᠡ ᠢᠵᠢ | ᠪᠥᠷᠢᠳᠦᠭᠦᠯᠬᠦ ᠲᠥᠬᠦᠭᠡᠷᠦᠮᠵᠢ ᠬᠠᠭᠤᠴᠢᠷᠠᠬᠤ᠂ ᠲᠡᠷᠭᠡ ᠵᠣᠭᠰᠣᠭᠠᠬᠤ ᠳᠤ ᠬᠦᠴᠢᠷᠲᠡᠶ᠂ ᠡᠪᠦᠯ ᠤᠨ ᠤᠯᠠᠷᠢᠯ ᠳᠤ | ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠳᠣᠤᠷ᠎ᠠ ᠵᠡᠷᠭᠡ ᠣᠯᠠᠨ ᠠᠰᠠᠭᠤᠳᠠᠯ ᠣᠷᠣᠰᠢᠵᠤ ᠪᠠᠶᠢᠨ᠎ᠠ᠃ ᠡᠲᠡᠭᠡᠷ | ᠠᠰᠠᠭᠤᠳᠠᠯ ᠳᠤ ᠴᠢᠭᠯᠡᠭᠦᠯᠦᠨ᠂ ᠴᠠᠭᠠᠰᠤᠴᠢ ᠪᠠᠯᠭᠠᠰᠤᠨ ᠤ 2024 ᠣᠨ ᠤ ᠬᠠᠭᠤᠴᠢᠨ ᠬᠤᠷᠢᠶᠠᠯᠠᠯ ᠢ | ᠥᠭᠡᠷᠡᠴᠢᠯᠡᠬᠦ ᠠᠵᠢᠯ ᠨᠢ ᠥᠭᠡᠷᠡᠴᠢᠯᠡᠬᠦ ᠠᠭᠤᠯᠭ᠎ᠠ ᠪᠠᠨ ᠰᠠᠭᠤᠷᠢ ᠥᠭᠡᠷᠡᠴᠢᠯᠡᠯᠲᠡ ᠪᠠ ᠭᠤᠤᠯ ᠴᠣᠭᠴᠠ ᠶᠢᠨ | ᠡᠨᠧᠷᠭᠢ ᠠᠷᠪᠢᠯᠠᠬᠤ ᠬᠤᠶᠠᠷ ᠶᠡᠭᠡ ᠬᠡᠰᠡᠭ ᠲᠤ ᠲᠣᠳᠣᠷᠬᠠᠶ ᠲᠣᠭᠲᠠᠭᠠᠪᠠ᠃ ᠥᠭᠡᠷᠡᠴᠢᠯᠡᠬᠦ ᠠᠭᠤᠯᠭ᠎ᠠ ᠳᠤ | ᠭᠤᠤᠯᠳᠠᠭᠤ ᠳᠤᠯᠠᠭᠠᠯᠠᠬᠤ ᠬᠤᠭᠤᠯᠠᠶ ᠶᠢᠨ ᠲᠣᠤᠷ᠂ ᠤᠰᠤ ᠬᠠᠩᠭᠠᠬᠤ ᠬᠤᠭᠤᠯᠠᠶ ᠶᠢᠨ ᠲᠣᠤᠷ᠂ ᠤᠰᠤ | ᠭᠠᠳᠠᠭᠰᠢᠯᠠᠭᠤᠯᠬᠤ ᠬᠤᠭᠤᠯᠠᠶ ᠶᠢᠨ ᠲᠣᠤᠷ᠂ ᠵᠠᠮ ᠤᠨ ᠬᠠᠲᠠᠭᠤᠷᠠᠭᠤᠯᠤᠯᠲᠠ᠂ ᠨᠣᠭᠤᠭᠠᠷᠠᠭᠤᠯᠤᠯᠲᠠ ᠶᠢᠨ | ᠢᠨᠵᠧᠨᠧᠷᠢᠩ᠂ ᠴᠠᠬᠢᠯᠭᠠᠨ ᠬᠦᠴᠦᠨ ᠤ ᠢᠨᠵᠧᠨᠧᠷᠢᠩ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠪᠡᠯᠡᠳᠬᠡᠮᠵᠢ᠂ ᠦᠵᠡᠮᠵᠢ ᠶᠢᠨ ᠢᠨᠵᠧᠨᠧᠷᠢᠩ᠂ ᠲᠡᠷᠭᠡᠨ ᠤ ᠰᠠᠷᠠᠪᠴᠢ ᠶᠢ ᠥᠭᠡᠷᠡᠴᠢᠯᠡᠬᠦ ᠵᠡᠷᠭᠡ ᠶᠢ ᠪᠠᠭᠲᠠᠭᠠᠨ᠎ᠠ᠃ | ᠡᠨᠧᠷᠭᠢ ᠠᠷᠪᠢᠯᠠᠬᠤ ᠬᠡᠰᠡᠭ ᠢ ᠥᠭᠡᠷᠡᠴᠢᠯᠡᠬᠦ ᠳᠤ ᠭᠤᠤᠯᠳᠠᠭᠤ ᠨᠢᠭᠡᠴᠢ ᠡᠭᠦᠳᠡᠨ ᠤ ᠥᠭᠡᠷᠡᠴᠢᠯᠡᠯᠲᠡ᠂ ᠴᠣᠩᠬᠤ ᠶᠢ | ᠥᠭᠡᠷᠡᠴᠢᠯᠡᠬᠦ᠂ ᠭᠠᠳᠠᠷ ᠲᠠᠯ᠎ᠠ ᠶᠢᠨ ᠢᠨᠵᠧᠨᠧᠷᠢᠩ᠂ ᠠᠰᠠᠷ ᠤᠨ ᠱᠠᠲᠤᠨ ᠤ ᠣᠯᠠᠨ ᠨᠡᠶᠢᠲᠡ ᠶᠢᠨ ᠬᠡᠰᠡᠭ ᠢ ᠰᠡᠯᠪᠢᠨ | ᠵᠠᠰᠠᠬᠤ᠂ ᠠᠰᠠᠷ ᠲᠠᠭᠲᠤ ᠶᠢᠨ ᠶᠠᠷᠢᠯᠴᠠᠭ᠎ᠠ ᠵᠡᠷᠭᠡ ᠶᠢ ᠪᠠᠭᠲᠠᠭᠠᠨ᠎ᠠ᠃ ᠬᠤᠶᠠᠷ ᠶᠡᠭᠡ ᠬᠡᠰᠡᠭ ᠥᠭᠡᠷᠡᠴᠢᠯᠡᠬᠦ | ᠠᠭᠤᠯᠭ᠎ᠠ ᠨᠢ ᠬᠥᠨᠳᠡᠯᠡᠨ ᠭᠤᠯᠳᠤ ᠰᠦᠯᠵᠢᠯᠳᠦᠵᠦ᠂ ᠲᠠᠯ᠎ᠠ ᠪᠦᠬᠦᠨ ᠢ ᠬᠠᠮᠤᠷᠴᠤ᠂ ᠬᠠᠭᠤᠴᠢᠨ ᠰᠠᠭᠤᠭᠠᠯᠢ | ᠲᠣᠭᠤᠷᠢᠭ ᠤᠨ ᠰᠠᠭᠤᠷᠢ ᠲᠥᠬᠦᠭᠡᠷᠦᠮᠵᠢ᠂ ᠢᠵᠢ ᠪᠦᠷᠢᠳᠦᠭᠦᠯᠬᠦ ᠲᠥᠬᠦᠭᠡᠷᠦᠮᠵᠢ ᠵᠡᠷᠭᠡ ᠦᠨᠳᠦᠰᠦᠨ ᠴᠢᠳᠠᠮᠵᠢ ᠶᠢ | ᠳᠡᠭᠡᠭᠰᠢᠯᠡᠭᠦᠯᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠰᠠᠭᠤᠭᠠᠯᠢ ᠠᠷᠠᠳ ᠲᠤ ᠣᠷᠴᠢᠨ ᠲᠣᠭᠤᠷᠢᠨ ᠰᠠᠶᠢᠨ᠂ | ᠬᠠᠮᠢᠶᠠᠷᠤᠯᠲᠠ ᠡᠮᠬᠢ ᠵᠢᠷᠤᠮ ᠲᠠᠢ᠂ ᠲᠠᠭᠠᠯᠠᠮᠵᠢᠲᠠᠶ ᠪᠥᠭᠡᠳ ᠳᠥᠭᠦᠮ ᠳᠥᠲᠡ ᠣᠷᠣᠨ ᠰᠠᠭᠤᠴᠠ ᠶᠢᠨ ᠣᠷᠴᠢᠨ | ᠲᠣᠭᠤᠷᠢᠨ ᠢ ᠪᠣᠶ ᠪᠣᠯᠭᠠᠬᠤ ᠪᠠᠷ ᠨᠠᠩ ᠴᠢᠷᠮᠠᠶᠢᠨ᠎ᠠ᠃ | 2024 ᠣᠨ ᠳᠤ᠂ ᠴᠠᠭᠠᠰᠤᠴᠢ ᠪᠠᠯᠭᠠᠰᠤ ᠨᠡᠶᠢᠲᠡ 18 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠪᠠᠶᠢᠭᠤᠯᠵᠤ᠂ 54 ᠰᠠᠭᠤᠷᠢ ᠠᠰᠠᠷ ᠲᠠᠢ ᠬᠤᠯᠪᠣᠭᠳᠠᠵᠤ᠂ ᠥᠭᠡᠷᠡᠴᠢᠯᠡᠨ ᠰᠠᠶᠢᠵᠢᠷᠠᠭᠤᠯᠤᠭᠰᠠᠨ ᠲᠠᠯᠠᠪᠠᠶ ᠨᠢ 19. | 37 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1. | 24 ᠳ᠋ᠦᠩᠰᠢᠭᠤᠷ ᠲᠥᠭᠦᠷᠢᠭ ᠲᠤ ᠬᠦᠷᠴᠦ᠂ 1656 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ |