11 ᠰᠠᠷ᠎ᠠ ᠶᠢᠨ 12 ᠤᠨ ᠡᠳᠦᠷ ᠲᠦᠮᠡᠳ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/12
    2024 ᠣᠨ ᠤ 11 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠯᠢ ᠷᠦᠢ ᠾᠧᠩ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 27 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠪᠠ᠃ᠲᠣᠪᠴᠢ ᠲᠡᠮᠳᠡᠭᠯᠡᠯ᠄    ᠨᠢᠭᠡ᠂ ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠤᠯᠠᠮᠵᠢᠯᠠᠨ ᠰᠤᠷᠤᠯᠴᠠᠪᠠ᠃ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢᠨ ᠰᠤᠷᠤᠯᠴᠠᠯᠭ᠎ᠠ ᠶᠢ ᠬᠢᠨᠠᠮᠠᠭᠠᠶ ᠰᠠᠶᠢᠲᠤᠷ ᠠᠳᠬᠤᠵᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠨ᠂ ᠬᠠᠷᠢᠶ᠎ᠠ ᠣᠷᠣᠨ ᠤ ᠠᠵᠤ ᠠᠬᠤᠶᠢᠯᠠᠯ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠲᠤᠭ᠎ᠠ ᠪᠦᠷᠢᠳᠬᠡᠯ ᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠬᠤᠳᠠᠯ ᠢᠶᠠᠷ ᠮᠡᠳᠡᠭᠦᠯᠵᠦ ᠢᠯᠡᠭᠦᠦ ᠮᠡᠳᠡᠭᠦᠯᠬᠦ᠂ ᠪᠤᠷᠤᠭᠤ ᠪᠠᠷ ᠮᠡᠳᠡᠭᠦᠯᠵᠦ ᠣᠷᠬᠢᠭᠳᠠᠭᠤᠯᠤᠨ ᠮᠡᠳᠡᠭᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠶ ᠭᠡᠵᠦ ᠱᠠᠭᠠᠷᠳᠠᠪᠠ᠃    ᠬᠤᠶᠠᠷ᠂ ᠣᠶᠢᠷ᠎ᠠ ᠶᠢᠨ ᠬᠤᠭᠤᠴᠠᠭᠠᠨ ᠤ ᠠᠶᠤᠯ ᠥᠬᠡᠶ ᠦᠢᠯᠡᠳᠪᠦᠷᠢᠯᠡᠯ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠭᠤᠷᠪᠠ᠂ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号