ᠰᠢᠶᠠᠩ ᠪᠠᠯᠭᠠᠰᠤᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠴᠡᠪᠡᠷ ᠴᠡᠮᠴᠡᠭᠡᠷ᠂ ᠡᠮᠬᠢ ᠵᠢᠷᠤᠮ ᠲᠠᠢ᠂ ᠭᠤᠶᠣ ᠰᠠᠶᠢᠬᠠᠨ ᠰᠢᠶᠠᠩ ᠪᠠᠯᠭᠠᠰᠤᠨ ᠤ ᠣᠷᠴᠢᠨ ᠲᠣᠭᠤᠷᠢᠨ ᠢ ᠪᠣᠶ | ᠪᠣᠯᠭᠠᠬᠤ ᠶᠢᠨ ᠲᠥᠯᠥᠭᠡ᠂ ᠪᠠᠶ ᠮᠢᠶᠣᠣ ᠽᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠩᠭᠢ ᠣᠶᠢᠷ᠎ᠠ ᠶᠢᠨ ᠬᠤᠭᠤᠴᠠᠭᠠᠨ ᠳᠤ ᠠᠯᠢ ᠣᠯᠠᠨ ᠭᠦᠨᠵᠡᠭᠡᠶ ᠪᠥᠭᠡᠳ ᠬᠦᠴᠦᠲᠡᠶ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃ | ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠨᠢ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ | ᠣᠪᠣᠭᠠᠯᠠᠵᠤ ᠲᠠᠯᠪᠢᠬᠤ᠂ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ᠂ ᠲᠡᠷᠭᠡ | ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠲᠤᠬᠠᠶ ᠶᠢᠨ ᠭᠠᠵᠠᠷ ᠤᠨ ᠡᠮᠬᠢ | ᠳᠢᠭᠯᠢᠮ ᠢ ᠨᠥᠯᠥᠭᠡᠯᠡᠬᠦ ᠲᠣᠪᠤᠶᠢᠮ᠎ᠠ ᠠᠰᠠᠭᠤᠳᠠᠯ ᠳᠤ ᠭᠤᠤᠯᠳᠠᠯᠭ᠎ᠠ ᠲᠠᠢ ᠴᠢᠭᠯᠡᠭᠦᠯᠵᠦ ᠪᠠᠶᠢᠨ᠎ᠠ᠃ ᠬᠠᠤᠯᠢ | ᠬᠡᠷᠡᠭᠵᠢᠭᠦᠯᠬᠦ ᠠᠵᠢᠯᠲᠠᠨ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠵᠠᠷᠴᠢᠮ ᠢ | ᠪᠠᠷᠢᠮᠲᠠᠯᠠᠨ᠂ ᠤᠬᠠᠭᠤᠯᠭ᠎ᠠ ᠬᠥᠮᠦᠵᠢᠯ ᠬᠢᠭᠡᠳ ᠬᠠᠤᠯᠢ ᠶᠣᠰᠣᠭᠠᠷ ᠴᠡᠭᠴᠡᠯᠡᠨ ᠵᠠᠰᠠᠬᠤ ᠶᠢ ᠤᠶᠠᠯᠳᠤᠭᠤᠯᠬᠤ ᠠᠷᠭ᠎ᠠ | ᠮᠠᠶ᠋ᠢᠭ ᠢ ᠠᠪᠴᠤ᠂ ᠵᠡᠭᠡᠯᠢ ᠳᠠᠷᠠᠭᠠᠯᠠᠨ ᠵᠢᠭᠰᠠᠭᠠᠨ ᠪᠠᠶᠢᠴᠠᠭᠠᠵᠤ ᠠᠷᠢᠯᠭᠠᠨ᠂ ᠵᠠᠮ ᠡᠵᠡᠯᠡᠨ ᠡᠵᠡᠩᠨᠡᠬᠦ ᠶᠢ ᠴᠡᠭᠴᠡᠯᠡᠨ | ᠵᠠᠰᠠᠬᠤ ᠲᠠᠯ᠎ᠠ ᠪᠠᠷ᠂ ᠬᠠᠤᠯᠢ ᠬᠡᠷᠡᠭᠵᠢᠭᠦᠯᠬᠦ ᠠᠵᠢᠯᠲᠠᠨ ᠬᠤᠳᠠᠯᠳᠤᠭᠠᠨ ᠤ ᠡᠷᠦᠬᠡ ᠳᠤ ᠬᠠᠮᠢᠶ᠎ᠠ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠲᠡᠳᠡᠨ ᠢ ᠵᠢᠷᠤᠮᠵᠢᠭᠤᠯᠤᠨ | ᠡᠵᠡᠩᠨᠡᠬᠦ ᠶᠢ ᠢᠳᠬᠠᠨ᠂ ᠣᠯᠠᠨᠲᠠ ᠰᠤᠷᠭᠠᠭᠠᠳ ᠵᠠᠯᠠᠷᠠᠭᠤᠯᠬᠤ ᠥᠬᠡᠶ ᠪᠠᠶᠢᠪᠠᠯ ᠬᠠᠤᠯᠢ ᠶᠣᠰᠣᠭᠠᠷ ᠶᠠᠯᠠᠯᠠᠨ | ᠰᠢᠢᠳᠬᠡᠨ᠎ᠡ᠃ ᠵᠠᠮ ᠤᠨ ᠰᠠᠭᠠᠳ ᠦᠭᠡᠢ ᠨᠡᠪᠲᠡᠷᠡᠬᠦ ᠪᠠ ᠶᠠᠪᠠᠭᠠᠨ ᠬᠦᠮᠦᠨ ᠤ ᠬᠡᠪ ᠤᠨ ᠶᠣᠰᠣᠭᠠᠷ ᠨᠡᠪᠲᠡᠷᠡᠬᠦ ᠶᠢ | ᠪᠦᠲᠦᠮᠵᠢᠲᠡᠢ ᠪᠠᠲᠤᠯᠠᠪᠠ᠃ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠦᠵᠡᠭᠳᠡᠯ ᠳᠤ ᠴᠢᠭᠯᠡᠭᠦᠯᠦᠨ᠂ ᠬᠠᠤᠯᠢ | ᠬᠡᠷᠡᠭᠵᠢᠭᠦᠯᠬᠦ ᠠᠵᠢᠯᠲᠠᠨ ᠰᠠᠨᠠᠭᠠᠴᠢᠯᠠᠭ᠎ᠠ ᠠᠴᠠ ᠪᠠᠨ ᠬᠤᠳᠠᠯᠳᠤᠭᠠᠴᠢᠨ ᠡᠷᠦᠬᠡ ᠪᠣᠯᠤᠨ ᠰᠠᠭᠤᠭᠠᠯᠢ ᠠᠷᠠᠳ ᠢ | ᠬᠠᠪᠰᠤᠷᠤᠨ ᠡᠯᠳᠡᠪ ᠪᠣᠳᠠᠰ ᠢ ᠴᠡᠪᠡᠷᠯᠡᠬᠦ ᠶᠢᠨ ᠬᠠᠮᠲᠤ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ | ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠪᠠᠶ ᠮᠢᠶᠣᠣ ᠽᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠩᠭᠢ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠴᠡᠭᠴᠡᠯᠡᠨ ᠵᠠᠰᠠᠭᠰᠠᠨ | ᠦᠷ᠎ᠡ ᠪᠦᠲᠦᠭᠡᠯ ᠢᠶᠠᠨ ᠪᠠᠬᠢᠵᠢᠭᠦᠯᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠳᠤ ᠨᠠᠩ ᠲᠠᠭᠠᠯᠠᠮᠵᠢᠲᠠᠶ᠂ | ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ |