ᠾᠦᠢᠵᠢᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠨᠢ ᠦᠢᠯᠡᠳᠪᠦᠷᠢᠯᠡᠵᠦ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠮᠤᠷ ᠲᠦᠪᠰᠢᠨ ᠳᠤ ᠵᠢᠭᠰᠠᠭᠠᠨ ᠪᠠᠶᠢᠴᠠᠭᠠᠯᠲᠠ ᠬᠢᠨ᠎ᠡ
ᠨᠡᠶᠢᠲᠡᠯᠡᠭᠰᠡᠨ ᠴᠠᠭ᠄
2024/11/18
    ᠮᠠᠨ ᠤ ᠬᠤᠰᠢᠭᠤᠨ ᠤ ᠦᠢᠯᠡᠳᠪᠦᠷᠢᠯᠡᠵᠦ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 2024 ᠣᠨ ᠤ 11 ᠰᠠᠷ᠎ᠠ ᠶᠢᠨ 14 ᠤ ᠡᠳᠦᠷ᠂ ᠲᠦᠮᠡᠳ ᠵᠡᠭᠦᠨ ᠬᠤᠰᠢᠭᠤᠨ ᠤ ᠾᠦᠢᠵᠢᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠤᠳᠠ ᠶᠢᠨ ᠬᠠᠮᠢᠶᠠᠷᠤᠯᠲᠠ ᠶᠢᠨ ᠠᠯᠪᠠᠨ ᠭᠡᠷ ᠲᠦᠮᠡᠳ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠪᠦᠬᠦ ᠲᠠᠯ᠎ᠠ ᠶᠢᠨ ᠨᠠᠷᠢᠨ ᠨᠢᠭᠲᠠ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠲᠤᠰ ᠤᠳᠠᠭ᠎ᠠ ᠶᠢᠨ ᠵᠢᠭᠰᠠᠭᠠᠨ ᠪᠠᠶᠢᠴᠠᠭᠠᠯᠲᠠ ᠶᠢᠨ ᠭᠤᠣᠯᠳᠠᠯᠭ᠎ᠠ ᠲᠠᠢ ᠡᠲᠡᠭᠡᠳ ᠨᠢ ᠪᠥᠵᠢᠭ ᠤᠨ ᠬᠤᠪᠴᠠᠰᠤ ᠶᠢᠨ ᠦᠢᠯᠡᠳᠪᠦᠷᠢ᠂ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ ᠵᠡᠷᠭᠡ ᠪᠤᠯᠤᠨ᠎ᠠ᠃  ᠡᠳᠡᠭᠡᠷ ᠢ ᠭᠦᠨᠵᠡᠭᠡᠢ ᠵᠢᠭᠰᠠᠭᠠᠨ ᠪᠠᠶᠢᠴᠠᠭᠠᠬᠤ ᠪᠠᠷ ᠳᠠᠮᠵᠢᠭᠤᠯᠵᠤ᠂ ᠳᠠᠯᠳᠠ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ  ᠠᠷᠢᠯᠭᠠᠨ᠎ᠠ᠃    ᠵᠢᠭᠰᠠᠭᠠᠨ ᠪᠠᠶᠢᠴᠠᠭᠠᠬᠤ ᠶᠠᠪᠤᠴᠠ ᠳᠤ᠂ ᠬᠤᠶᠠᠷ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠮᠠᠰᠢ ᠤᠯᠠᠨ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠃ ᠡᠭᠦᠨ ᠳᠤ ᠪᠦᠵᠢᠭ ᠤᠨ ᠬᠤᠪᠴᠠᠰᠤᠨ ᠤ ᠦᠢᠯᠡᠳᠪᠦᠷᠢ ᠨᠢ ᠨᠡᠩ ᠶᠡᠭᠡ ᠠᠰᠠᠭᠤᠳᠠᠯ ᠲᠠᠢ᠃ ᠲᠤᠰ ᠠᠵᠤ ᠠᠬᠤᠶᠢᠯᠠᠯ ᠤᠨ ᠭᠠᠯ ᠤᠨᠲᠠᠷᠠᠭᠠᠬᠤ ᠦᠵᠡᠯᠲᠡ ᠨᠢ ᠰᠤᠯᠠ᠂ ᠪᠠᠴᠢᠮ ᠪᠠᠶᠢᠳᠠᠯ ᠢ ᠠᠷᠭᠠᠴᠠᠬᠤ ᠴᠢᠬᠤᠯᠠ ᠪᠦᠬᠦᠢ ᠤᠷᠢᠳᠴᠢᠯᠠᠭᠰᠠᠨ ᠲᠥᠰᠦᠯ ᠪᠣᠯᠤᠨ ᠭᠠᠯ ᠤᠨᠲᠠᠷᠠᠭᠠᠬᠤ ᠰᠣᠷᠢᠯᠲᠠ ᠬᠢᠭᠰᠡᠨ ᠢᠶᠠᠷ ᠳᠤᠲᠠᠮᠠᠭ᠂ ᠭᠠᠯ ᠤᠨ ᠠᠶᠤᠯ ᠵᠡᠷᠭᠡ ᠪᠠᠴᠢᠮ ᠪᠠᠶᠢᠳᠠᠯ ᠭᠠᠷᠪᠠᠯ᠂ ᠦᠷ᠎ᠡ ᠳ᠋ᠦᠩ ᠢ ᠪᠣᠳᠣᠯᠬᠢᠯᠠᠬᠤ ᠶᠢᠨ ᠠᠷᠭ᠎ᠠ ᠦᠭᠡᠶ ᠶᠤᠮ᠃ ᠡᠭᠦᠨ ᠠᠴᠠ ᠭᠠᠳᠠᠨ᠎ᠠ᠂ ᠲᠣᠰ ᠠᠵᠤ ᠠᠬᠤᠶᠢᠯᠠᠯ ᠤᠨ ᠡᠳ᠋ ᠪᠠᠷᠠᠭ᠎ᠠ ᠣᠪᠣᠭᠠᠯᠠᠵᠤ ᠲᠠᠯᠪᠢᠭᠰᠠᠨ ᠨᠢ ᠡᠮᠬᠢ ᠵᠠᠮᠪᠠᠷᠠᠭ᠎ᠠ ᠥᠬᠡᠶ᠂ ᠠᠮᠤᠷ ᠲᠦᠪᠰᠢᠨ ᠤ ᠵᠠᠮ ᠢ ᠬᠦᠨᠳᠦ ᠨᠣᠴᠢᠲᠠᠶ ᠪᠥᠭᠯᠡᠵᠦ᠂ ᠬᠥᠮᠦᠰ ᠢ ᠲᠠᠷᠬᠠᠭᠠᠬᠤ ᠪᠠ ᠠᠪᠤᠷᠠᠨ ᠲᠤᠰᠠᠯᠠᠬᠤ ᠠᠵᠢᠯ ᠳᠤ ᠲᠦᠢᠯ ᠤᠨ ᠶᠡᠭᠡ ᠳᠥᠭᠦᠮ ᠦᠭᠡᠢ ᠪᠣᠯᠤᠭᠰᠠᠨ ᠪᠠᠶᠢᠨ᠎ᠠ᠃     ᠵᠢᠭᠰᠠᠭᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠳᠠᠲᠠᠶ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ ᠪᠥᠵᠢᠭ ᠤᠨ ᠬᠤᠪᠴᠠᠰᠤᠨ ᠤ ᠦᠢᠯᠡᠳᠪᠦᠷᠢ ᠳᠤ ᠲᠡᠷᠡ ᠳᠠᠷᠤᠶ ᠳᠤᠨᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠨ ᠲᠡᠭᠦᠯᠳᠡᠷᠵᠢᠭᠦᠯᠬᠦ ᠶᠢ ᠱᠠᠭᠠᠷᠳᠠᠵᠤ᠂ ᠭᠠᠯ ᠤᠨᠲᠠᠷᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠠᠵᠢᠯᠲᠠᠨ ᠠᠵᠢᠯᠴᠢᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠲᠣᠰ ᠠᠵᠤ ᠠᠬᠤᠶᠢᠯᠠᠯ ᠢ ᠡᠳ᠋ ᠪᠠᠷᠠᠭ᠎ᠠ ᠣᠪᠣᠭᠠᠯᠠᠨ ᠲᠠᠯᠪᠢᠬᠤ ᠣᠷᠣᠨ ᠪᠠᠶᠢᠷᠢ ᠶᠢ ᠳᠠᠬᠢᠨ ᠲᠥᠯᠥᠪᠵᠢᠭᠦᠯᠵᠦ᠂ ᠠᠮᠤᠷ ᠲᠦᠪᠰᠢᠨ ᠨᠡᠪᠲᠡᠷᠡᠬᠦ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃     ᠴᠡᠭᠴᠡᠯᠡᠨ ᠰᠠᠶᠢᠵᠢᠷᠠᠭᠤᠯᠬᠤ ᠶᠠᠪᠤᠴᠠ ᠳᠤ᠂ ᠬᠤᠶᠠᠷ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠪᠠ ᠠᠮᠤᠷ ᠲᠦᠪᠰᠢᠨ ᠤ ᠠᠵᠢᠯᠲᠠᠨ ᠲᠠᠢ ᠭᠦᠨᠵᠡᠭᠡᠶ ᠨᠡᠪᠲᠡᠷᠡᠯᠴᠡᠨ ᠰᠣᠯᠢᠯᠴᠠᠵᠤ᠂ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢᠨ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠵᠢᠴᠢ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠪᠣᠳᠠᠲᠠᠶ ᠱᠠᠭᠠᠷᠳᠠᠯᠭ᠎ᠠ ᠶᠢ ᠨᠠᠷᠢᠨ ᠲᠠᠶᠢᠯᠪᠤᠷᠢᠯᠠᠵᠠᠶ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠴᠢᠬᠤᠯᠠᠴᠢᠯᠠᠭᠰᠠᠨ ᠨᠢ᠂ ᠠᠶᠤᠯᠭᠦᠶ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠠᠮᠢᠨ ᠰᠤᠳᠠᠰᠤ ᠮᠥᠨ᠂ ᠠᠮᠤᠷ ᠲᠦᠪᠰᠢᠨ ᠢ ᠣᠮᠲᠣᠭᠠᠶᠢᠯᠠᠬᠤ ᠶᠠᠮᠠᠷᠪᠠ ᠦᠢᠯᠡ ᠠᠵᠢᠯᠯᠠᠭ᠎ᠠ ᠳᠤ ᠴᠥᠮ ᠬᠦᠨᠳᠦ ᠶᠡᠭᠡ ᠦᠨ᠎ᠡ ᠲᠥᠯᠥᠪᠦᠷᠢ ᠭᠠᠷᠭᠠᠬᠤ ᠪᠣᠯᠤᠨ᠎ᠠ᠃ ᠬᠤᠶᠠᠷ ᠠᠵᠤ ᠠᠬᠤᠶᠢᠯᠠᠯ ᠴᠥᠮ ᠴᠡᠭᠴᠡᠯᠡᠨ ᠰᠠᠶᠢᠵᠢᠷᠠᠭᠤᠯᠬᠤ ᠠᠵᠢᠯ ᠳᠤ ᠢᠳᠡᠪᠬᠢᠲᠡᠶ ᠬᠠᠮᠵᠢᠯᠴᠠᠵᠤ᠂ ᠲᠣᠭᠲᠠᠭᠰᠠᠨ ᠴᠠᠭ ᠤᠨ ᠳᠣᠲᠣᠷ᠎ᠠ ᠪᠣᠶ ᠪᠥᠬᠦᠶ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠭᠡᠵᠦ ᠢᠯᠡᠳᠬᠡᠪᠡ᠃    ᠲᠣᠰ ᠤᠳᠠᠭᠠᠨ ᠤ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢᠨ ᠠᠵᠢᠯ ᠢᠶᠠᠷ ᠳᠡᠮᠵᠢᠨ᠂ ᠪᠢᠳᠡ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ ᠢ ᠭᠦᠨᠵᠡᠭᠡᠶ ᠲᠠᠨᠢᠵᠤ ᠤᠯᠪᠠ᠃ ᠲᠠᠷᠠᠭᠠᠴᠢ ᠶᠢᠨ ᠠᠯᠬᠤᠮ ᠳᠤ᠂ ᠭᠤᠪᠢᠭᠤᠯᠭ᠎ᠠ ᠶᠢᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ ᠪᠠᠰᠠ ᠠᠵᠤ ᠠᠬᠤᠶᠢᠯᠠᠯ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠠᠵᠢᠯᠳᠠᠨ ᠤ ᠠᠮᠤᠷ ᠲᠦᠪᠰᠢᠨ ᠤ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠩᠭᠤᠢ ᠦᠢᠯᠡᠳᠪᠦᠷᠢᠯᠡᠯ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠪᠣᠯᠤᠨ᠎ᠠ᠃
 
ᠢᠷᠡᠯᠲᠡ᠄ ᠾᠦᠢᠵᠢᠨ ᠣᠷᠣᠨ ᠪᠦᠰᠡ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号