ᠳᠡᠯ ᠠᠭᠤᠯᠠᠨ ᠤ ᠴᠡᠨᠡᠯᠡᠯᠲᠡ ᠶᠢᠨ ᠲᠠᠯᠠᠪᠠᠢ 11 ᠰᠠᠷ᠎ᠠ ᠶᠢᠨ 23 ᠤ ᠡᠳᠦᠷ ᠠᠴᠠ ᠲᠤᠷᠰᠢᠨ ᠡᠵᠡᠩᠨᠡᠨ᠎ᠡ
ᠨᠡᠶᠢᠲᠡᠯᠡᠭᠰᠡᠨ ᠴᠠᠭ᠄
2024/11/20
    ︵ᠰᠤᠷᠪᠤᠯᠵᠢᠯᠠᠭᠴᠢ ᠶᠠᠩ ᠼᠠᠢ ᠰᠢᠶᠠ︶ 11ᠰᠠᠷ᠎ᠠ ᠶᠢᠨ 19 ᠤ ᠡᠳᠦᠷ᠂ ︽ᠲᠠᠭᠤᠤ ᠴᠤᠭᠤᠷ ᠤᠨ ᠥᠪᠥᠷ ᠮᠣᠩᠭᠤᠯ — ᠴᠠᠰᠤᠲᠤ ᠣᠷᠣᠨ ᠤ ᠰᠢᠨ᠎ᠡ ᠬᠠᠭᠤᠳᠠᠰᠤ︾ ᠵᠢᠴᠢ ᠳᠡᠯ ᠠᠭᠤᠯᠠᠨ ᠤ ᠴᠡᠨᠡᠯᠡᠯᠲᠡ ᠶᠢᠨ ᠲᠠᠯᠠᠪᠠᠢ ᠶᠢᠨ 2024 — 2025 ᠣᠨ ᠤ ᠴᠠᠰᠤᠲᠤ ᠤᠯᠠᠷᠢᠯ ᠤᠨ ᠵᠠᠭᠤᠴᠢᠯᠠᠭᠤᠷ ᠤᠨ ᠠᠭᠤᠯᠵᠠᠯᠲᠠ ᠶᠢᠨ ᠬᠤᠷᠠᠯ ᠳᠡᠯ ᠠᠭᠤᠯᠠᠨ ᠤ ᠴᠡᠨᠡᠯᠡᠯᠲᠡ ᠶᠢᠨ ᠲᠠᠯᠠᠪᠠᠢ ᠳᠤ ᠶᠠᠪᠤᠭᠳᠠᠪᠠ᠃ ᠬᠤᠷᠠᠯ ᠳᠡᠭᠡᠷ᠎ᠡ᠂ ᠴᠠᠰᠤᠲᠤ ᠤᠯᠠᠷᠢᠯ ᠤᠨ ᠠᠵᠢᠯᠯᠠᠭ᠎ᠠ ᠨᠢ 2024 ᠣᠨ ᠤ 11 ᠰᠠᠷ᠎ᠠ ᠶᠢᠨ 19 ᠤ ᠡᠳᠦᠷ ᠠᠴᠠ 2025 ᠣᠨ ᠤ 2  ᠰᠠᠷ᠎ᠠ ᠶᠢᠨ 28 ᠤ ᠡᠳᠦᠷ ᠪᠣᠯᠲᠠᠯ᠎ᠠ ᠨᠡᠶᠢᠲᠡ 102 ᠡᠳᠦᠷ ᠶᠠᠪᠤᠭᠳᠠᠨ᠎ᠠ᠃ ᠲᠤᠰ ᠴᠠᠰᠤᠲᠤ ᠤᠯᠠᠷᠢᠯ ᠤᠨ ᠳᠡᠯ ᠠᠭᠤᠯᠠᠨ ᠤ ᠴᠡᠨᠡᠯᠡᠯᠲᠡ ᠶᠢᠨ ᠲᠠᠯᠠᠪᠠᠢ 11 ᠰᠠᠷ᠎ᠠ ᠶᠢᠨ 23 ᠤ ᠡᠳᠦᠷ ᠠᠴᠠ ᠡᠬᠢᠯᠡᠵᠦ ᠲᠤᠷᠰᠢᠨ ᠡᠵᠡᠩᠨᠡᠬᠦ ᠪᠣᠯᠤᠨ᠎ᠠ᠂ ᠡᠨᠡ ᠬᠤᠭᠤᠴᠠᠭᠠᠨ ᠳᠤ 14 ᠴᠠᠰᠤᠨ ᠳᠤ ᠭᠤᠯᠭᠤᠬᠤ ᠵᠠᠮ ᠢ ᠨᠡᠭᠡᠭᠡᠵᠦ᠂ ᠵᠤᠭᠠᠴᠠᠭᠰᠠᠳ ᠲᠤ ᠴᠠᠰᠤᠨ ᠳᠤ ᠭᠤᠯᠭᠤᠬᠤ ᠠᠴᠠ ᠭᠠᠳᠠᠨ᠎ᠠ᠂ ᠴᠠᠰᠤᠨ ᠳᠡᠭᠡᠷ᠎ᠡ ᠨᠠᠭᠠᠳᠬᠤ ᠣᠷᠣᠨ᠂ ᠴᠠᠰᠤᠨ ᠳᠡᠭᠡᠷ᠎ᠡ ᠮᠣᠷᠢ ᠤᠨᠤᠬᠤ ᠣᠷᠣᠨ ᠵᠡᠷᠭᠡ ᠶᠢ ᠨᠡᠭᠡᠭᠡᠵᠦ᠂ ᠥᠪᠥᠷ ᠮᠣᠩᠭᠤᠯ ᠤᠨ ᠥᠪᠡᠷᠮᠢᠴᠡ ᠨᠠᠭᠠᠳᠤᠮ ᠢ ᠬᠠᠩᠭᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号