ᠲᠠᠪᠤᠨᠰᠠᠶᠢᠨ ᠰᠢᠶᠠᠩ ᠤᠨ ᠲᠣᠰᠬᠤᠨ ᠬᠤᠶᠠᠷ ᠱᠠᠲᠤᠨ ᠤ ᠺᠠᠳ᠋ᠷ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/25
    11 ᠰᠠᠷ᠎ᠠ ᠶᠢᠨ 22 ᠤ ᠡᠳᠦᠷ᠂ ᠲᠠᠪᠤᠨᠰᠠᠶᠢᠨ ᠰᠢᠶᠠᠩ ᠤᠨ ᠲᠣᠰᠬᠤᠨ ᠤ ᠬᠤᠶᠠᠷ ᠱᠠᠲᠤᠨ ᠤ ᠺᠠᠳ᠋ᠷ ᠤᠨ ᠶᠡᠭᠡ ᠬᠤᠷᠠᠯ ᠬᠤᠷᠠᠯᠳᠤᠪᠠ᠃ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠸᠠᠩ ᠮᠤᠤ ᠱᠧᠩ ᠬᠤᠷᠠᠯ ᠢ ᠡᠷᠬᠢᠯᠡᠪᠡ᠃    ᠬᠤᠷᠠᠯ ᠠᠴᠠ ᠳᠡᠭᠡᠳᠦ ᠱᠠᠲᠤᠨ ᠤ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠬᠠᠮᠢᠶ᠎ᠠ ᠪᠥᠬᠦᠶ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠰᠢᠶᠠᠩ ᠤᠨ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠬᠥᠳᠡᠭᠡ ᠲᠣᠰᠬᠤᠨ ᠤ ᠬᠤᠶᠠᠷ ᠱᠠᠲᠤᠨ ᠤ ᠺᠠᠳ᠋ᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠵᠢᠭᠰᠠᠭᠠᠨ ᠪᠠᠶᠢᠴᠠᠭᠠᠬᠤ ᠠᠭᠤᠯᠭ᠎ᠠ᠂ ᠤᠶᠢᠯᠠᠭᠠᠨ ᠵᠢᠭᠰᠠᠭᠠᠬᠤ ᠪᠠᠷᠢᠮᠵᠢᠶ᠎ᠠ ᠶᠣᠰᠣᠭᠠᠷ᠂ ᠡᠷᠦᠬᠡ ᠳᠠᠷᠠᠭᠠᠯᠠᠨ ︽ᠵᠢᠭᠰᠠᠭᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ︾ ᠵᠠᠷᠴᠢᠮ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠦᠲᠦᠮᠵᠢᠲᠡᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠵᠡᠷᠭᠡ ᠪᠠᠷ ᠨᠠᠶᠢᠳᠠᠪᠤᠷᠢᠵᠢᠭᠤᠯᠤᠨ᠂ ᠠᠰᠠᠭᠤᠳᠠᠯ ᠢ ᠪᠣᠳᠠᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠪᠦᠬᠦ ᠰᠢᠶᠠᠩ ᠤᠨ ᠺᠠᠳ᠋ᠷ᠂ ᠡᠯ᠎ᠡ ᠲᠣᠰᠬᠤᠨ ᠤ ᠱᠦᠵᠢ ᠬᠤᠷᠠᠯ ᠳᠤ ᠣᠷᠣᠯᠴᠠᠪᠠ᠃
 
ᠢᠷᠡᠯᠲᠡ᠄ ᠲᠠᠪᠤᠨᠰᠠᠶᠢᠨ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号