ᠲᠦᠮᠡᠳ ᠵᠡᠭᠦᠨ ᠬᠤᠰᠢᠭᠤ᠄ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠢᠶᠠᠷ ᠳᠥᠯᠭᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2024/11/26
    ᠣᠶᠢᠷ᠎ᠠ ᠶᠢᠨ ᠡᠳᠦᠷ ᠤᠳ ᠲᠤ ᠠᠭᠠᠷ ᠤᠨ ᠳᠤᠯᠠᠭᠠᠨ ᠭᠡᠨᠡᠳᠲᠡ ᠳᠣᠷᠣᠭᠰᠢᠯᠠᠭᠰᠠᠨ ᠪᠣᠯᠪᠠᠴᠤ ᠲᠦᠮᠡᠳ ᠵᠡᠭᠦᠨ ᠬᠤᠰᠢᠭᠤᠨ ᠤ ᠬᠥᠳᠡᠭᠡ ᠲᠣᠰᠬᠤᠨ ᠤ ᠬᠡᠭᠡᠷ᠎ᠡ ᠲᠠᠯ᠎ᠠ ᠳᠤ ᠬᠦᠷ ᠬᠥᠭᠵᠢᠶᠡᠨ ᠲᠠᠢ ᠪᠠᠶᠢᠳᠠᠯ ᠬᠠᠷᠠᠭᠳᠠᠨ᠎ᠠ᠃ ᠪᠠᠷᠢᠯᠭ᠎ᠠ ᠶᠢᠨ ᠮᠠᠰᠢᠨ ᠨᠢ ᠲᠠᠷᠢᠶᠠᠨ ᠳᠤᠮᠳᠠᠭᠤᠷ ᠰᠦᠯᠵᠢᠯᠳᠦᠵᠦ᠂ ᠭᠠᠵᠠᠷ ᠰᠢᠷᠤᠢ ᠶᠢ ᠲᠡᠭᠰᠢᠯᠡᠬᠦ᠂ ᠰᠤᠪᠠᠭ ᠮᠠᠯᠳᠠᠬᠤ᠂ ᠵᠠᠮ ᠵᠠᠰᠠᠬᠤ ᠵᠡᠷᠭᠡ ᠠᠵᠢᠯ ᠢ ᠦᠷᠨᠢᠬᠦᠯᠦᠭᠰᠡᠨ ᠪᠠᠶᠢᠨ᠎ᠠ᠃ ᠡᠷᠴᠢ ᠵᠣᠷᠢᠭ ᠢᠶᠠᠨ ᠬᠥᠪᠴᠢᠯᠡᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ︽ᠠᠬᠢᠴᠠ ᠶᠢᠨ ᠵᠤᠷᠪᠤᠰ︾ ᠢ ᠳᠦᠭᠦᠷᠲᠡᠯ᠎ᠡ ᠲᠠᠲᠠᠬᠤ ᠪᠠᠷ ᠴᠢᠷᠮᠠᠶᠢᠵᠤ᠂ ᠲᠠᠷᠢᠶᠠᠨ ᠭᠠᠵᠠᠷ ᠤᠨ ᠦᠷ᠎ᠡ ᠠᠰᠢᠭ ᠢ ᠨᠡᠮᠡᠭᠳᠡᠭᠦᠯᠬᠦ᠂ ᠠᠮᠤ ᠪᠤᠳᠠᠭᠠᠨ ᠤ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠳᠤ ᠰᠠᠭᠤᠷᠢ ᠶᠢ ᠪᠠᠲᠤᠳᠬᠠᠬᠤ ᠬᠡᠷᠡᠭᠲᠡᠢ     ᠡᠨᠡ ᠵᠢᠯ ᠲᠦᠮᠡᠳ ᠵᠡᠭᠦᠨ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠯᠠᠪᠠᠶ 9.54 ᠲᠦᠮᠡᠨ ᠮᠥ ᠪᠠᠶᠢᠵᠤ᠂ ᠡᠭᠦᠨ ᠳᠤ ᠰᠢᠨ᠎ᠡ ᠪᠠᠷ ᠪᠠᠶᠢᠭᠤᠯᠤᠭᠰᠠᠨ ᠲᠠᠯᠠᠪᠠᠶ 4.77 ᠲᠦᠮᠡᠨ ᠮᠥ᠂ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠲᠠᠯᠠᠪᠠᠶ 4.77 ᠲᠦᠮᠡᠨ ᠮᠥ ᠪᠠᠶᠢᠵᠤ᠂ ᠪᠥᠲᠥᠭᠡᠨ ᠪᠠᠶᠢᠭᠤᠯᠬᠤ ᠠᠭᠤᠯᠭ᠎ᠠ ᠳᠤ ᠭᠠᠵᠠᠷ ᠰᠢᠷᠣᠶ ᠶᠢ ᠲᠡᠭᠰᠢᠯᠡᠬᠦ᠂ ᠲᠠᠷᠢᠶᠠᠨ ᠭᠠᠵᠠᠷ ᠤᠨ ᠵᠠᠮ᠂ ᠬᠥᠷᠥᠰᠥ ᠰᠢᠷᠣᠶ ᠶᠢ ᠰᠢᠮᠡᠵᠢᠭᠦᠯᠬᠦ ᠪᠠ ᠰᠠᠶᠢᠵᠢᠷᠠᠭᠤᠯᠬᠤ᠂ ᠤᠰᠤᠯᠠᠬᠤ ᠪᠠ ᠤᠰᠤ ᠵᠠᠯᠠᠬᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠢ ᠪᠠᠲᠤᠯᠠᠬᠤ ᠵᠡᠷᠭᠡ ᠪᠠᠭᠲᠠᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠦᠨᠡᠨ ᠬᠦ ᠰᠠᠶᠢᠵᠢᠷᠠᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠪᠠ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠪᠣᠯᠤᠨ᠎ᠠ᠃    8 ᠰᠠᠷ᠎ᠠ ᠠᠴᠠ ᠨᠠᠰᠢ ᠪᠥᠬᠦ ᠬᠤᠰᠢᠭᠤᠨ ᠤ ᠦᠷᠭᠦᠯᠵᠢᠯᠡᠨ ᠪᠣᠷᠣᠭᠠᠨ ᠣᠷᠣᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠬᠢᠴᠠ ᠨᠥᠯᠥᠭᠡᠯᠡᠭᠳᠡᠵᠦ᠂ ᠡᠭᠦᠨ ᠤ ᠲᠥᠯᠥᠭᠡ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠷᠭ᠎ᠠ ᠬᠡᠮᠵᠢᠶ᠎ᠡ ᠠᠪᠴᠤ᠂ ᠡᠪᠦᠯ ᠤᠨ ᠤᠯᠠᠷᠢᠯ ᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠴᠢᠩᠭ᠎ᠠ ᠠᠳᠬᠤᠵᠤ᠂ ᠴᠠᠭ ᠬᠤᠭᠤᠴᠠᠭ᠎ᠠ ᠶᠢ ᠪᠥᠬᠦ ᠲᠠᠯ᠎ᠠ ᠪᠠᠷ ᠡᠵᠡᠮᠳᠡᠵᠦ᠂ ᠲᠥᠷᠥᠯ ᠵᠦᠢᠯ ᠢ ᠠᠬᠢᠭᠤᠯᠬᠤ ᠶᠢ ᠴᠢᠩᠭ᠎ᠠ ᠠᠩᠬᠠᠷᠴᠤ᠂ ᠡᠷᠡᠰ ᠭᠤᠶᠢᠪᠢᠰᠢ ᠥᠬᠡᠶ ᠪᠠᠷ ᠶᠡᠭᠡ ᠪᠠᠷ ᠬᠢᠵᠦ᠂ ᠲᠦᠷᠭᠡᠨ ᠬᠢᠵᠦ᠂ ᠪᠣᠳᠠᠲᠠᠶ ᠠᠵᠢᠯᠯᠠᠵᠤ᠂ ᠵᠢᠯ ᠤᠨ ᠰᠡᠭᠦᠯᠴᠢ ᠠᠴᠠ ᠡᠮᠦᠨ᠎ᠡ ᠲᠥᠷᠥᠯ ᠵᠦᠢᠯ ᠤᠨ ᠭᠤᠤᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠬᠦ ᠶᠢ ᠪᠠᠲᠤᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠲᠦᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠪᠡ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号