︽ᠲᠠᠪᠤᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ︾ ᠲᠤᠰᠬᠠᠢ ᠠᠵᠢᠯᠯᠠᠭ᠎ᠠ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/11/26
    ᠣᠶᠢᠷ᠎ᠠ ᠳᠤ᠂ ᠭᠦᠭᠡᠬᠤᠲᠠ ᠶᠢᠨ ᠡᠪᠯᠡᠯ ᠤᠨ ᠬᠤᠷᠢᠶ᠎ᠠ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠭᠦᠭᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤᠷᠠᠨ ᠥᠪᠥᠷ ᠮᠣᠩᠭᠤᠯ ᠤᠨ ᠶᠡᠭᠡ ᠰᠤᠷᠭᠠᠭᠤᠯᠢ ᠳᠤ ︽ᠭᠦᠭᠡᠬᠤᠲᠠ ᠳᠤ ᠴᠤᠭᠯᠠᠷᠠᠶ᠎ᠠ︾ ᠭᠡᠬᠦ ︽ᠲᠠᠪᠤᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ︾ ᠤᠬᠠᠭᠤᠯᠭ᠎ᠠ  ᠶᠢᠨ ᠠᠵᠢᠯᠯᠠᠭ᠎ᠠ ᠥᠷᠨᠢᠭᠦᠯᠪᠡ᠃ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠭᠦᠭᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ ᠱᠠᠲᠤ ᠦᠶᠡᠴᠢ ᠴᠢᠨᠠᠷᠲᠠᠢ ᠦᠷ᠎ᠡ ᠪᠦᠲᠦᠮᠵᠢ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠲᠠᠪᠴᠠᠩ ᠤᠨ ᠪᠠᠶᠢᠭᠤᠯᠤᠯᠲᠠ᠂ ᠦᠢᠯᠡᠴᠢᠯᠡᠭᠡ ᠵᠡᠷᠭᠡ ᠲᠠᠯ᠎ᠠ ᠪᠠᠷ ︽ᠲᠠᠪᠤᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ ᠢᠨᠵᠧᠨᠧᠷᠢᠩ︾ ᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢᠴᠢ ᠣᠶᠤᠲᠠᠳ ᠤᠨ ᠠᠵᠢᠯ ᠣᠯᠵᠤ ᠦᠢᠯᠡᠰ ᠪᠣᠰᠬᠠᠬᠤ ᠶᠢ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠠᠨᠢᠯᠴᠠᠭᠤᠯᠵᠤ᠂ ᠰᠤᠷᠤᠬᠴᠢᠳ ᠤᠨ ᠵᠦᠢ ᠵᠣᠬᠢᠰᠲᠠᠢ ᠠᠵᠢᠯ ᠮᠡᠷᠭᠡᠵᠢᠯ ᠤᠨ ᠬᠦᠰᠡᠯᠡᠩ ᠪᠠ ᠠᠵᠢᠯ ᠮᠡᠷᠭᠡᠵᠢᠯ ᠤᠨ ᠦᠵᠡᠯᠲᠡ ᠶᠢ ᠪᠤᠢ ᠪᠤᠯᠭᠠᠬᠤ ᠶᠢ ᠬᠥᠲᠥᠯᠥᠨ ᠵᠢᠯᠣᠭᠤᠳᠪᠠ᠃ ᠭᠦᠭᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠣᠷᠣᠰᠢᠨ ᠰᠠᠭᠤᠬᠤ ᠳᠤ ᠲᠣᠬᠢᠷᠠᠮᠵᠢᠲᠠᠢ ︽ᠵᠠᠯᠠᠭᠤᠴᠤᠳ ᠲᠤ ᠠᠰᠢᠭ ᠬᠦᠷᠲᠡᠭᠡᠬᠦ︾ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠠᠶᠢᠯᠪᠤᠷᠢᠯᠠᠵᠤ᠂ ᠶᠡᠭᠡ ᠳᠡᠭᠡᠳᠦ ᠰᠤᠷᠭᠠᠭᠤᠯᠢ ᠶᠢᠨ ᠣᠶᠤᠲᠠᠳ ᠤᠨ ᠭᠡᠷ ᠪᠠᠶᠢᠰᠢᠩ ᠲᠦᠷᠢᠶᠡᠰᠦᠯᠡᠬᠦ ᠵᠢᠴᠢ ᠬᠤᠳᠠᠯᠳᠤᠨ ᠠᠪᠬᠤ ᠨᠥᠬᠦᠴᠡᠯ᠂ ᠲᠥᠷᠥ ᠶᠢᠨ ᠪᠣᠳᠣᠯᠭ᠎ᠠ ᠶᠢᠨ ᠨᠥᠬᠦᠪᠦᠷᠢ ᠵᠡᠷᠭᠡ ᠲᠠᠯ᠎ᠠ ᠪᠠᠷ ᠨᠠᠷᠢᠨ ᠲᠣᠳᠣᠷᠬᠠᠶᠢᠯᠠᠯᠲᠠ ᠬᠢᠵᠦ᠂ ᠣᠶᠤᠲᠠᠳ ᠤᠨ ᠲᠡᠭᠦᠰᠦᠭᠰᠡᠨ ᠤ ᠳᠠᠷᠠᠭ᠎ᠠ ᠣᠷᠣᠨ ᠤ ᠲᠥᠪ ᠲᠤ ︽ᠠᠮᠤᠷ ᠲᠦᠪᠰᠢᠨ ᠰᠠᠭᠤᠬᠤ︾ ᠳᠤ ᠪᠠᠲᠤᠯᠠᠭ᠎ᠠ ᠬᠠᠩᠭᠠᠪᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠵᠠᠯᠠᠭᠤ ᠯᠧᠺᠲ᠋ᠣᠷ ᠨᠢᠶᠧ ᠱᠤ᠋ ᠭᠦᠭᠡᠬᠤᠲᠠ ᠶᠢ ᠰᠣᠩᠭᠤᠭᠰᠠᠨ᠂ ᠭᠦᠭᠡᠬᠤᠲᠠ ᠳᠤ ᠦᠨᠳᠦᠰᠦᠯᠡᠭᠰᠡᠨ ᠵᠠᠯᠠᠭᠤ ᠨᠠᠰᠤᠨ ᠤ ᠰᠣᠩᠭᠤᠯᠲᠠ ᠪᠠᠨ ᠶᠠᠷᠢᠵᠤ᠂ ᠭᠦᠭᠡᠬᠤᠲᠠ ᠶᠢᠨ ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ ᠲᠠᠲᠠᠬᠤ ᠂ ᠴᠢᠳᠠᠪᠤᠷᠢᠲᠠᠨ ᠢ ᠴᠤᠭᠯᠠᠭᠤᠯᠬᠤ᠂ ᠴᠢᠳᠠᠪᠤᠷᠢᠲᠠᠨ ᠢ ᠬᠡᠷᠡᠭᠯᠡᠬᠦ ᠬᠠᠮᠢᠶ᠎ᠠ ᠪᠦᠬᠦᠢ ᠠᠷᠭ᠎ᠠ ᠬᠡᠮᠵᠢᠶ᠎ᠡ ᠦᠷ᠎ᠡ ᠪᠦᠲᠦᠮᠵᠢ ᠶᠢ ᠲᠠᠨᠢᠯᠴᠠᠭᠤᠯᠪᠠ᠃ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠬᠠᠢ ᠳᠠᠭᠠᠭᠠᠮᠠᠯ ᠵᠠᠩ ᠺᠠᠢ ᠱᠤᠸᠠᠢ ᠪᠦᠯᠭᠦᠮ ᠢᠶᠠᠨ ᠳᠠᠭᠠᠭᠤᠯᠤᠨ ᠠᠯᠢ ᠣᠯᠠᠨ ᠮᠡᠷᠭᠡᠵᠢᠯ ᠤᠨ ︽ᠪᠣᠭᠤᠮᠢ︾ ᠶᠢ ᠰᠢᠪᠲᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠰᠡᠯ ᠵᠡᠭᠦᠳᠦ ᠪᠠᠨ ᠪᠡᠶᠡᠯᠡᠭᠦᠯᠬᠦ ᠵᠢᠴᠢ ᠬᠤᠲᠠ ᠶᠢᠨ ᠬᠥᠭᠵᠢᠯᠲᠡ ᠶᠢ ᠠᠬᠢᠭᠤᠯᠬᠤ ᠬᠤᠣᠰ ᠴᠢᠭᠯᠡᠯ ᠢᠶᠠᠷ ᠤᠷᠤᠭᠰᠢᠯᠠᠭᠰᠠᠨ ᠥᠩᠭᠡᠷᠡᠯᠲᠡ ᠪᠠᠨ ᠬᠤᠪᠢᠶᠠᠯᠴᠠᠪᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠹᠢᠽᠢᠺ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 2025 ᠣᠨ ᠤ ᠬᠡᠷᠡᠭᠯᠡᠭᠡᠨ ᠤ ᠹᠢᠽᠢᠺ ᠤᠨ ᠲᠤᠰᠬᠠᠢ ᠮᠡᠷᠭᠡᠵᠢᠯ ᠠᠴᠠ ᠲᠡᠭᠦᠰᠦᠭᠰᠡᠨ ᠰᠢᠯᠢᠳᠡᠭ ᠣᠶᠤᠲᠠᠳ ᠡᠷᠬᠢᠮ ᠨᠠᠨᠳᠢᠨ ᠰᠤᠷᠤᠯᠭ᠎ᠠ ᠶᠢᠨ ᠲᠤᠷᠰᠢᠯᠭ᠎ᠠ ᠪᠠ ᠲᠡᠭᠦᠰᠦᠭᠡᠳ ᠶᠠᠮᠠᠷ ᠠᠵᠢᠯ ᠡᠷᠢᠬᠦ ᠪᠤᠳᠤᠯ ᠰᠠᠨᠠᠯ ᠢᠶᠠᠨ ᠬᠤᠪᠢᠶᠠᠯᠴᠠᠪᠠ᠃ ᠵᠠᠯᠠᠭᠤᠴᠤᠳ ᠪᠣᠯ ᠬᠤᠳᠠ ᠶᠢᠨ ᠠᠮᠢᠵᠢᠷᠠᠯ ᠤᠨ ᠬᠦᠴᠦᠨ ᠮᠥᠨ᠂ ᠬᠤᠳᠠ ᠪᠣᠯ ᠵᠠᠯᠠᠭᠤᠴᠤᠳ ᠤᠨ ᠦᠰᠦᠨ ᠪᠤᠶᠢᠵᠢᠬᠤ ᠲᠠᠪᠴᠠᠩ ᠮᠥᠨ᠃ ᠣᠶᠢᠯᠠᠭᠠᠭᠰᠠᠨ ᠢᠶᠠᠷ᠂ ᠭᠦᠭᠡᠬᠤᠳᠠ ᠶᠢᠨ ᠡᠪᠯᠡᠯ ᠤᠨ ᠬᠤᠷᠢᠶ᠎ᠠ ︽ᠲᠠᠪᠤᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠵᠠᠯᠠᠭᠤᠴᠤᠳ ᠤᠨ ᠬᠥᠭᠵᠢᠯᠲᠡ ᠶᠢᠨ ᠭᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠠᠭ᠎ᠠ︾ ᠠᠷᠭ᠎ᠠ ᠬᠡᠮᠵᠢᠶ᠎ᠡ ᠪᠠᠷ ᠵᠠᠯᠠᠭᠤᠴᠤᠳ ᠤᠨ ᠬᠥᠭᠵᠢᠯᠲᠡ ᠶᠢᠨ ︽ᠶᠡᠭᠡ︾ ᠬᠡᠷᠡᠭᠴᠡᠭᠡ ᠶᠢ ᠬᠠᠩᠭᠠᠵᠤ᠂ ᠬᠤᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号