ᠮᠢᠬᠠᠨ ᠤ ᠲᠥᠷᠥᠯ ᠤᠨ ᠪᠦᠲᠦᠭᠡᠭᠳᠡᠬᠦᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠮᠢᠬᠠᠨ ᠤ ᠲᠥᠷᠥᠯ ᠤᠨ ᠪᠦᠲᠦᠭᠡᠭᠳᠡᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠬᠦ ᠶᠢᠨ ᠲᠥᠯᠥᠭᠡ᠂ 11 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠲᠦᠮᠡᠳ ᠵᠡᠭᠦᠨ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠡᠭᠡ ᠠᠩᠭᠢ ᠴᠠᠭᠠᠰᠤᠴᠢ ᠪᠠᠯᠭᠠᠰᠤᠨ ᠤ ᠦᠬᠡᠷ ᠬᠤᠨᠢᠨ ᠮᠢᠬᠠᠨ ᠤ ᠡᠵᠡᠩᠨᠡᠯᠲᠡ ᠶᠢᠨ ᠳᠡᠯᠭᠡᠭᠦᠷ ᠲᠤ ᠴᠣᠬᠢᠯᠲᠠ | ᠥᠭᠴᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠨ ᠴᠠᠭᠠᠰᠤᠴᠢ ᠪᠠᠯᠭᠠᠰᠤᠨ ᠳᠤ ᠬᠤᠪᠢ ᠪᠠᠷ ᠢᠶᠠᠨ ᠳᠤᠷ᠎ᠠ ᠪᠠᠷ ᠢᠶᠠᠨ ᠠᠯᠠᠵᠤ | ᠨᠢᠲᠤᠯᠬᠤ ᠭᠠᠵᠠᠷ ᠣᠷᠣᠨ ᠳᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠪᠠᠶᠢᠴᠠᠭᠠᠬᠤ | ᠳᠤᠮᠳᠠ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠵᠡᠷᠭᠡ ᠬᠠᠮᠢᠶ᠎ᠠ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠭᠤᠤᠯᠳᠠᠯᠭ᠎ᠠ ᠲᠠᠢ ᠣᠷᠣᠨ ᠪᠠᠶᠢᠷᠢ ᠳᠤ | ᠬᠤᠪᠢ ᠪᠠᠷ ᠢᠶᠠᠨ ᠳᠤᠷ᠎ᠠ ᠪᠠᠷ ᠢᠶᠠᠨ ᠠᠯᠠᠵᠤ ᠨᠢᠲᠤᠯᠬᠤ ᠳᠤ ᠴᠣᠬᠢᠯᠲᠠ ᠥᠭᠴᠦ᠂ ᠮᠢᠬᠠᠨ ᠢᠳᠡᠭᠡᠨ ᠤ ᠠᠮᠤᠷ | ᠲᠦᠪᠰᠢᠨ ᠢ ᠦᠨᠡᠨ ᠬᠦ ᠪᠠᠲᠤᠯᠠᠬᠤ ᠤᠬᠠᠭᠤᠯᠭ᠎ᠠ ᠶᠢᠨ ᠵᠠᠷᠯᠠᠯ ᠨᠠᠭᠠᠵᠠᠶ᠃ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠᠷ ᠳᠠᠮᠵᠢᠭᠤᠯᠤᠨ᠂ ᠡᠵᠡᠩᠨᠡᠭᠴᠢᠳ ᠲᠤ ᠬᠠᠤᠯᠢ ᠲᠣᠭᠲᠠᠭᠠᠯ | ᠶᠣᠰᠣᠭᠠᠷ ᠡᠵᠡᠩᠨᠡᠬᠦ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠬᠠᠤᠯᠢ ᠲᠣᠭᠲᠠᠭᠠᠯ ᠳᠤ ᠨᠡᠶᠢᠴᠡᠭᠦᠯᠦᠨ | ᠡᠵᠡᠩᠨᠡᠬᠦ ᠶᠢ ᠦᠨᠡᠨᠬᠦ ᠪᠠᠲᠤᠯᠠᠵᠤ᠂ ᠮᠢᠬᠠᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ | ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠤᠪᠢ ᠪᠠᠷ ᠢᠶᠠᠨ ᠠᠯᠠᠵᠤ ᠨᠢᠲᠤᠯᠬᠤ ᠳᠤ | ᠠᠮᠠᠷᠬᠠᠨ ᠡᠭᠦᠰᠬᠦ᠂ ᠣᠯᠠᠨ ᠡᠭᠦᠰᠳᠡᠭ ᠣᠷᠣᠨ ᠢ ᠵᠢᠭᠰᠠᠭᠠᠨ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ | ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠮᠠᠯ ᠵᠢᠭᠦᠷᠲᠡᠨ ᠢ ᠳᠤᠷ᠎ᠠ ᠪᠠᠷ ᠢᠶᠠᠨ ᠠᠯᠠᠵᠤ ᠨᠢᠲᠤᠯᠬᠤ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠢᠵᠢᠭ ᠤᠨ | ᠪᠠᠶᠢᠴᠠᠭᠠᠯᠲᠠ ᠬᠢᠭᠰᠡᠨ ᠥᠬᠡᠶ ᠮᠢᠬᠠᠨ ᠢᠳᠡᠭᠡᠨ ᠤ ᠵᠠᠬ᠎ᠠ ᠳᠡᠯᠭᠡᠭᠦᠷ ᠲᠤ ᠣᠷᠣᠬᠤ ᠶᠢ ᠡᠬᠢ ᠡᠭᠦᠰᠦᠯ ᠠᠴᠠ ᠨᠢ | ᠬᠢᠵᠠᠭᠠᠷᠯᠠᠵᠤ᠂ ᠮᠠᠨ ᠤ ᠬᠤᠰᠢᠭᠤᠨ ᠤ ᠮᠢᠬᠠᠨ ᠤ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ︽ | ᠰᠠᠨᠠᠭ᠎ᠠ ᠠᠮᠤᠷ ᠮᠢᠬ᠎ᠠ ᠢᠳᠡᠵᠦ᠂ ᠡᠷᠡᠭᠦᠯ ᠴᠢᠭᠢᠷᠠᠭ ᠪᠠᠶᠠᠷ ᠤᠨ ᠡᠳᠦᠷ ᠢ ᠡᠳ᠋ᠯᠡᠬᠦ︾ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠨ᠎ᠠ᠃ |