ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠬᠡᠷ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠠᠯᠪᠠᠨ ᠬᠡᠷ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ | ᠡᠯ᠎ᠡ ᠰᠢᠶᠠᠩ ᠪᠠᠯᠭᠠᠰᠤ᠂ ᠡᠯ᠎ᠡ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠬᠤᠰᠢᠭᠤᠨ ᠤ ᠡᠯ᠎ᠡ ᠬᠤᠯᠪᠣᠭᠳᠠᠯ | ᠪᠥᠬᠦᠶ ᠨᠢᠭᠡᠴᠡ ᠳᠤ᠄ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠰᠤᠩᠭᠤᠯᠲᠠ ᠶᠢᠨ ᠲᠦᠷᠢᠮ ᠪᠣᠯ ᠬᠤᠰᠢᠭᠤᠨ ᠵᠠᠰᠠᠭ ᠤᠨ ᠣᠷᠳᠣᠨ ᠠᠷᠠᠳ | ᠣᠯᠠᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠤᠨ ᠵᠢᠱᠢᠭᠳᠡᠭᠴᠢ ᠶᠢᠨ ᠲᠥᠷᠥᠯ ᠵᠦᠢᠯ ᠢ ᠳᠤᠷᠠᠳᠴᠤ᠂ ᠬᠤᠰᠢᠭᠤᠨ ᠤ | ᠨᠠᠮ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠠᠳᠠᠯᠢ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠷᠠᠯ ᠤᠨ ᠬᠤᠭᠤᠴᠠᠭᠠᠨ ᠳᠤ ᠪᠢᠯᠧᠲ ᠥᠭᠴᠦ ᠪᠠᠲᠤᠯᠠᠬᠤ ᠬᠡᠯᠪᠡᠷᠢ ᠪᠠᠷ ᠲᠣᠭᠲᠠᠭᠠᠬᠤ ᠵᠢᠩᠬᠢᠨᠢ | ᠲᠥᠷᠥᠯ ᠵᠦᠢᠯ ᠢ ᠰᠣᠩᠭᠤᠨ ᠲᠣᠭᠲᠠᠭᠠᠵᠤ᠂ ᠬᠤᠰᠢᠭᠤᠨ ᠤ ᠵᠠᠰᠠᠭ ᠤᠨ ᠣᠷᠳᠣᠨ ᠳᠤ ᠲᠤᠰᠢᠶᠠᠵᠤ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ | ᠠᠷᠠᠳ ᠣᠯᠠᠨ ᠤ ᠬᠢᠨᠠᠯᠲᠠ ᠲᠠᠯᠪᠢᠬᠤ ᠶᠢ ᠬᠦᠯᠢᠶᠡᠬᠦ ᠲᠦᠷᠢᠮ ᠢ ᠵᠢᠭᠠᠵᠤ ᠪᠣᠶ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠤᠨ ᠬᠠᠮᠢᠶ᠎ᠠ ᠪᠦᠬᠦᠢ ᠠᠵᠢᠯ ᠢ ᠦᠨᠡᠨ ᠬᠦ | ᠰᠠᠶᠢᠲᠤᠷ ᠬᠢᠬᠦ ᠶᠢᠨ ᠲᠥᠯᠥᠭᠡ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ | ᠡᠭᠦᠷᠭᠡ ᠶᠢᠨ ᠲᠣᠭᠤᠷᠢᠨ ᠳᠤ᠂ ᠠᠷᠠᠳ ᠣᠯᠠᠨ ᠤ ᠬᠠᠯᠠᠮᠵᠢᠯᠠᠯ ᠳᠤ ᠰᠠᠭᠤᠷᠢᠯᠠᠵᠤ᠂ ᠪᠥᠬᠦ ᠬᠤᠰᠢᠭᠤᠨ ᠤ | ᠬᠡᠪᠴᠢᠶᠡᠨ ᠳᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠴᠤᠭᠯᠠᠭᠤᠯᠪᠠ᠃ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠡᠯᠰᠡᠬᠦ ᠡᠳᠦᠷ ᠬᠤᠭᠤᠴᠠᠭ᠎ᠠ | 2024 ᠣᠨ ᠤ 11 ᠰᠠᠷ᠎ᠠ ᠶᠢᠨ 28 ᠤ ᠡᠳᠦᠷ ᠠᠴᠠ 2024 ᠣᠨ ᠤ 12 ᠰᠠᠷ᠎ᠠ ᠶᠢᠨ 15 ᠤ ᠡᠳᠦᠷ | ᠪᠣᠯᠲᠠᠯ᠎ᠠ᠃ | ᠬᠤᠶᠠᠷ᠂ ᠡᠯᠰᠡᠬᠦ ᠡᠲᠡᠭᠡᠳ | ᠲᠥᠷᠥᠯ ᠵᠦᠢᠯ ᠴᠤᠭᠯᠠᠭᠤᠯᠬᠤ ᠭᠤᠤᠯ ᠡᠲᠡᠭᠡᠳ ᠪᠣᠯ ᠲᠦᠮᠡᠳ ᠵᠡᠭᠦᠨ ᠬᠤᠰᠢᠭᠤᠨ ᠤ ᠬᠠᠷᠢᠶ᠎ᠠ ᠣᠷᠣᠨ ᠤ | ᠰᠠᠭᠤᠭᠠᠯᠢ ᠠᠷᠠᠳ ᠪᠠ ᠬᠤᠰᠢᠭᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠡᠯ᠎ᠡ ᠨᠢᠭᠡᠴᠡ᠂ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠵᠢᠴᠢ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠪᠣᠯᠤᠨ᠎ᠠ | ᠃ | ᠭᠤᠷᠪᠠ᠂ ᠡᠯᠰᠡᠬᠦ ᠠᠭᠤᠯᠭ᠎ᠠ ᠵᠢᠴᠢ ᠬᠡᠪᠴᠢᠶ᠎ᠡ | ᠥᠷᠭᠡᠨ ᠣᠯᠠᠨ ᠲᠦᠮᠡᠨ ᠤ ︽ᠠᠮᠤᠷ ᠲᠠᠶᠢᠪᠤᠩ ᠠᠵᠤ ᠠᠮᠢᠳᠤᠷᠠᠯ︾ ᠪᠠᠷ ᠭᠤᠤᠯᠳᠠᠯᠭ᠎ᠠ ᠪᠣᠯᠭᠠᠵᠤ᠂ ︽ | ᠣᠯᠠᠨ ᠲᠦᠮᠡᠨ ᠬᠡᠷᠡᠭᠴᠡᠭᠡ ᠲᠠᠢ ᠪᠠᠶᠢᠪᠠᠯ᠂ ᠡᠳ᠋ ᠤᠨ ᠵᠠᠰᠠᠭ ᠳᠠᠭᠠᠭᠠᠵᠤ ᠳᠡᠶᠢᠯᠬᠦ︾᠂ ︽ᠴᠢᠳᠠᠯ ᠤᠨ | ᠬᠢᠷᠢ ᠪᠠᠷ ᠢᠶᠠᠨ ᠬᠢᠬᠦ︾ ᠵᠠᠷᠴᠢᠮ ᠢ ᠪᠠᠷᠢᠮᠲᠠᠯᠠᠨ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠨᠢᠭᠡ ᠪᠦᠯᠦᠭ ᠲᠥᠷᠥᠯ ᠵᠦᠢᠯ ᠢ ᠴᠢᠷᠮᠠᠶᠢᠨ ᠲᠣᠬᠢᠷᠠᠭᠤᠯᠤᠨ᠎ᠠ᠃ ᠬᠡᠪᠴᠢᠶ᠎ᠡ ᠳᠤ᠄ ᠠᠵᠢᠯ | ᠣᠯᠭᠤᠬᠤ ᠪᠣᠯᠪᠠᠰᠤᠷᠠᠭᠤᠯᠤᠯ᠂ ᠰᠤᠷᠭᠠᠨ ᠬᠥᠮᠦᠵᠢᠯ ᠤᠨ ᠦᠢᠯᠡᠰ᠂ ᠡᠷᠡᠭᠦᠯ ᠬᠠᠮᠠᠭᠠᠯᠠᠯ ᠡᠮ ᠡᠮᠨᠡᠯᠭᠡ᠂ | ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠣᠷᠣᠨ | ᠰᠠᠭᠤᠴᠠ ᠶᠢᠨ ᠪᠠᠲᠤᠯᠠᠭ᠎ᠠ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠰᠣᠶᠣᠯ ᠤᠨ ᠪᠠᠶᠢᠭᠤᠯᠤᠯᠲᠠ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ᠂ ᠠᠮᠤᠷ ᠲᠦᠪᠰᠢᠨ ᠤ ᠪᠠᠲᠤᠯᠠᠭ᠎ᠠ᠂ ᠬᠤᠳᠠ ᠶᠢᠨ ᠬᠠᠮᠢᠶᠠᠷᠤᠯᠲᠠ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠪᠤᠰᠤᠳ ᠵᠡᠷᠭᠡ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠳᠤ ᠬᠤᠯᠪᠣᠭᠳᠠᠬᠤ ᠲᠦᠷᠦᠯ ᠵᠦᠢᠯ ᠪᠠᠭᠲᠠᠨ᠎ᠠ᠃ | ᠳᠥᠷᠪᠡ᠂ ᠡᠯᠰᠡᠬᠦ ᠱᠠᠭᠠᠷᠳᠠᠯᠭ᠎ᠠ | 1. ᠲᠥᠷᠥᠯ ᠵᠦᠢᠯ ᠢ ᠡᠯᠰᠡᠨ ᠴᠤᠭᠯᠠᠭᠤᠯᠬᠤ ᠲᠠᠯ᠎ᠠ ᠪᠠᠷ᠂ ᠰᠠᠨᠠᠭᠤᠯᠭ᠎ᠠ ᠲᠥᠷᠥᠯ ᠵᠦᠢᠯ ᠢ ᠬᠡᠷᠡᠭᠵᠢᠭᠦᠯᠬᠦ | ᠨᠥᠬᠦᠴᠡᠯ ᠨᠡᠯᠢᠶᠡᠳ ᠪᠣᠯᠪᠠᠰᠤᠷᠠᠩᠭᠤᠶ ᠪᠠᠶᠢᠪᠠᠯ ᠵᠣᠬᠢᠨ᠎ᠠ᠂ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ | ᠡᠩ ᠤᠨ ᠪᠠᠶᠢᠳᠠᠯ ᠳᠤ ᠲᠥᠷᠥᠯ ᠵᠦᠢᠯ ᠤᠨ ᠨᠡᠷᠡᠶᠢᠳᠦᠯ᠂ ᠠᠬᠤᠶ ᠪᠠᠶᠢᠳᠠᠯ᠂ ᠪᠥᠲᠥᠭᠡᠨ ᠪᠠᠶᠢᠭᠤᠯᠤᠯᠲᠠ ᠶᠢᠨ | ᠬᠡᠪᠴᠢᠶ᠎ᠡ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠬᠡᠷᠡᠭᠵᠢᠭᠦᠯᠬᠦ ᠭᠤᠤᠯ ᠴᠣᠭᠴᠠ᠂ ᠪᠠᠯᠠ | ᠣᠷᠣᠭᠤᠯᠤᠯᠲᠠ ᠶᠢᠨ ᠲᠤᠭ᠎ᠠ ᠬᠡᠮᠵᠢᠶ᠎ᠡ ᠵᠢᠴᠢ ᠪᠠᠯᠠ ᠮᠥᠩᠭᠦ ᠶᠢᠨ ᠢᠷᠡᠯᠲᠡ ᠶᠢ ᠪᠠᠭᠲᠠᠭᠠᠬᠤ ᠶᠢᠨ ᠬᠠᠮᠲᠤ | ᠪᠣᠯᠤᠮᠵᠢᠲᠤ ᠵᠠᠳᠠᠯᠤᠯᠲᠠ ᠶᠢᠨ ᠮᠠᠲ᠋ᠧᠷᠢᠶᠠᠯ ᠵᠢᠴᠢ ᠪᠤᠰᠤᠳ ᠬᠠᠩᠭᠠᠬᠤ ᠴᠢᠬᠤᠯᠠᠲᠠᠶ ᠠᠭᠤᠯᠭ᠎ᠠ ᠶᠢ ᠳᠥᠭᠦᠮᠴᠢᠯᠡᠨ | ᠰᠢᠢᠳᠪᠦᠷᠢᠯᠡᠵᠦ ᠪᠣᠯᠤᠨ᠎ᠠ᠃ | 2. ᠲᠥᠷᠥᠯ ᠵᠦᠢᠯ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ ᠲᠥᠯᠥᠭᠡᠯᠡᠬᠦ ᠴᠢᠨᠠᠷᠲᠠᠶ᠂ ᠪᠦᠬᠦ ᠲᠠᠯ᠎ᠠ ᠶᠢᠨ | ᠴᠢᠨᠠᠷᠲᠠᠶ᠂ ᠠᠰᠢᠭ ᠬᠦᠷᠲᠡᠭᠡᠬᠦ ᠲᠠᠯ᠎ᠠ ᠪᠠᠷ ᠥᠷᠭᠡᠨ᠂ ᠠᠰᠢᠭ ᠬᠦᠷᠲᠡᠬᠦ ᠲᠠᠯ᠎ᠠ ᠪᠠᠷ ᠶᠡᠭᠡ᠂ ᠨᠡᠶᠢᠭᠡᠮ ᠤᠨ ᠦᠷ᠎ᠡ | ᠠᠰᠢᠭ ᠨᠢ ᠢᠯᠡᠷᠬᠡᠶ ᠵᠡᠷᠭᠡ ᠣᠨᠴᠠᠯᠢᠭ ᠲᠠᠢ ᠪᠠᠶᠢᠬᠤ ᠬᠡᠷᠡᠭᠲᠡᠶ᠃ | 3. ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠲᠠᠯ᠎ᠠ ᠪᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ | ᠪᠦᠷᠢᠯᠳᠦᠭᠦᠯᠵᠦ᠂ ᠬᠤᠰᠢᠭᠤᠨ ᠤ ᠬᠡᠪᠴᠢᠶᠡᠨ ᠤ ᠪᠣᠳᠠᠲᠠᠶ ᠪᠠᠶᠢᠳᠠᠯ ᠢ ᠭᠦᠢᠴᠡᠳ ᠪᠣᠳᠣᠯᠬᠢᠯᠠᠨ᠂ ᠴᠢᠳᠠᠯ ᠤᠨ ᠢᠶᠠᠨ | ᠬᠢᠷᠢ ᠪᠠᠷ ᠬᠢᠵᠦ᠂ ᠬᠢᠵᠠᠭᠠᠷ ᠲᠠᠢ ᠡᠳ᠋ ᠤᠨ ᠬᠦᠴᠦᠨ ᠪᠠ ᠡᠬᠢ ᠪᠠᠶᠠᠯᠢᠭ ᠢ ᠠᠯᠢ ᠴᠢᠳᠠᠬᠤ ᠪᠠᠷ ᠠᠷᠠᠳ ᠤᠨ | ᠠᠮᠢᠳᠤᠷᠠᠯ ᠤᠨ ᠠᠵᠤ ᠠᠬᠤᠶ ᠶᠢ ᠬᠥᠭᠵᠢᠭᠦᠯᠬᠦ ᠶᠢ ᠠᠯᠢ ᠴᠢᠳᠠᠬᠤ ᠪᠠᠷ ᠳᠡᠮᠵᠢᠬᠦ ᠬᠡᠷᠡᠭᠲᠡᠶ᠃ | 4. ᠪᠥᠲᠥᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠤ ᠲᠠᠯ᠎ᠠ ᠪᠠᠷ᠂ ᠡᠵᠡᠮᠳᠡᠵᠦ ᠪᠣᠯᠬᠤᠶᠢᠴᠠ | ᠴᠢᠨᠠᠷ ᠢ ᠪᠦᠷᠢᠯᠳᠦᠭᠦᠯᠵᠦ᠂ ᠡᠩ ᠤᠨ ᠪᠠᠶᠢᠳᠠᠯ ᠳᠤ ᠲᠤᠬᠠᠶ ᠶᠢᠨ ᠵᠢᠯ ᠳᠤ ᠱᠠᠲᠤ ᠦᠶ᠎ᠡ ᠶᠢᠨ ᠴᠢᠨᠠᠷᠲᠠᠶ ᠦᠷ᠎ᠡ | ᠪᠦᠲᠦᠮᠵᠢ ᠤᠯᠬᠤ ᠬᠡᠷᠡᠭᠲᠡᠶ᠃ | ᠲᠠᠪᠤ᠂ ᠲᠠᠭᠯᠠᠨ ᠮᠡᠳᠡᠭᠦᠯᠬᠦ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠮᠠᠶ᠋ᠢᠭ | 1᠂ ᠡᠯ᠎ᠡ ᠨᠢᠭᠡᠴᠡ᠂ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠲᠦᠮᠡᠳ ᠵᠡᠭᠦᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠡᠭᠦᠳᠡᠨ ᠰᠦᠯᠵᠢᠶ᠎ᠡ ︵ᠰᠦᠯᠵᠢᠶᠡᠨ ᠤ ᠬᠠᠶ᠋ᠢᠭ᠄ http://www.tmtzq. | gov.cn︶ ᠪᠠᠷ ᠳᠠᠮᠵᠢᠭᠤᠯᠤᠨ ︽ᠲᠦᠮᠡᠳ ᠵᠡᠭᠦᠨ ᠬᠤᠰᠢᠭᠤᠨ ᠤ 2025 ᠣᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ︾ ᠶᠢ ᠪᠠᠭᠤᠯᠭᠠᠬᠤ ᠶᠢᠨ ᠬᠠᠮᠲᠤ | ᠱᠠᠭᠠᠷᠳᠠᠯᠭ᠎ᠠ ᠶᠣᠰᠣᠭᠠᠷ ᠲᠠᠭᠯᠠᠨ ᠮᠡᠳᠡᠭᠦᠯᠵᠦ ᠪᠣᠯᠤᠨ᠎ᠠ᠃ | 2. ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ ᠠᠴᠠ | ᠬᠤᠰᠢᠭᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠵᠣᠬᠢᠶᠠᠨ ᠪᠠᠶᠢᠭᠤᠯᠤᠨ ᠶᠠᠷᠢᠯᠴᠠᠬᠤ ᠬᠤᠷᠠᠯ᠂ | ᠨᠤᠲᠠᠯᠠᠯᠲᠠ ᠶᠢᠨ ᠬᠤᠷᠠᠯ ᠤᠨ ᠬᠡᠯᠪᠡᠷᠢ ᠪᠠᠷ ᠰᠠᠨᠠᠯ ᠰᠠᠨᠠᠭᠤᠯᠭ᠎ᠠ ᠴᠤᠭᠯᠠᠭᠤᠯᠬᠤ ᠶᠢᠨ ᠬᠠᠮᠲᠤ ᠳᠡᠭᠡᠭᠰᠢ ᠮᠡᠳᠡᠭᠦᠯᠬᠦ | ᠬᠡᠷᠡᠭᠲᠡᠶ᠃ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠡᠯ᠎ᠡ ᠰᠢᠶᠠᠩ ᠪᠠᠯᠭᠠᠰᠤ᠂ ᠡᠯ᠎ᠡ | ᠣᠷᠣᠨ ᠪᠦᠰᠡ ᠶᠢᠨ ᠦᠢᠯᠡᠴᠢᠯᠡᠭᠡᠨ ᠤ ᠲᠥᠪ ᠨᠢ ᠬᠠᠷᠢᠶ᠎ᠠ ᠣᠷᠣᠨ ᠤ ᠪᠠᠨ ᠨᠠᠮ ᠤᠨ ᠡᠭᠦᠷ᠂ ᠲᠣᠰᠬᠤᠨ ︵ | ᠰᠠᠭᠤᠭᠠᠯᠢ ᠠᠷᠠᠳ︶ ᠤ ᠵᠥᠪᠯᠡᠯ᠂ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠲᠥᠯᠥᠭᠡᠯᠡᠭᠴᠢ ᠶᠢᠨ ᠰᠠᠨᠠᠯ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠶᠢᠨ ᠬᠠᠮᠲᠤ ᠨᠠᠮ ᠤᠨ ᠬᠤᠷᠢᠶ᠎ᠠ ᠶᠢᠨ ᠰᠤᠳᠤᠯᠤᠨ ᠳᠡᠭᠡᠭᠰᠢ ᠮᠡᠳᠡᠭᠦᠯᠬᠦ | ᠬᠡᠷᠡᠭᠲᠡᠶ᠃ ᠡᠯ᠎ᠡ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠨᠠᠮ ᠤᠨ ᠭᠡᠰᠢᠭᠦᠳ ᠤᠨ ᠲᠥᠯᠥᠭᠡᠯᠡᠭᠴᠢ᠂ | ᠦᠢᠯᠡᠴᠢᠯᠡᠬᠦ ᠡᠲᠡᠭᠡᠳ ᠤᠨ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠨᠠᠮ ᠤᠨ ᠳᠤᠭᠤᠶᠢᠯᠠᠩ ᠤᠨ | ᠬᠤᠷᠠᠯ ᠢᠶᠠᠷ ᠰᠤᠳᠤᠯᠤᠨ ᠳᠡᠭᠡᠭᠰᠢ ᠮᠡᠳᠡᠭᠦᠯᠬᠦ ᠬᠡᠷᠡᠭᠲᠡᠶ᠃ ᠨᠡᠶᠢᠭᠡᠮ ᠤᠨ ᠡᠯ᠎ᠡ ᠡᠲᠡᠭᠡᠳ ᠤᠨ ᠤᠯᠠᠨ ᠲᠦᠮᠡᠨ | ᠪᠢᠴᠢᠭ᠂ ᠵᠠᠬᠢᠳᠠᠯ᠂ ᠡᠯᠧᠺᠲᠷᠣᠨ ᠵᠠᠬᠢᠳᠠᠯ ᠵᠡᠷᠭᠡ ᠬᠡᠯᠪᠡᠷᠢ ᠪᠠᠷ ᠰᠠᠨᠠᠯ ᠰᠠᠨᠠᠭᠤᠯᠭ᠎ᠠ ᠳᠤᠷᠠᠳᠴᠤ ᠪᠣᠯᠤᠨ᠎ᠠ᠃ | 3᠂ 2024 ᠣᠨ ᠤ 12 ᠰᠠᠷ᠎ᠠ ᠶᠢᠨ 16 ᠤ ᠡᠳᠦᠷ ᠤᠨ ᠦᠳᠡ ᠶᠢᠨ 12᠄ 00 ᠠᠴᠠ ᠡᠮᠦᠨ᠎ᠡ | ᠡᠯᠧᠺᠲᠷᠣᠨ ᠬᠡᠪᠯᠡᠯ ᠤᠨ ᠮᠠᠲ᠋ᠧᠷᠢᠶᠠᠯ ︵WORDPDF ᠬᠡᠪᠯᠡᠯ︶ ᠢ ᠰᠢᠤᠳᠠᠨ ᠬᠠᠶᠢᠷᠴᠠᠭ | 15525255@qqcom᠂ ᠴᠠᠭᠠᠰᠤᠨ ᠬᠡᠪᠯᠡᠯ ᠤᠨ ᠬᠠᠮᠢᠶ᠎ᠠ ᠪᠥᠬᠦᠶ ᠮᠠᠲ᠋ᠧᠷᠢᠶᠠᠯ ᠢ ᠲᠦᠮᠡᠳ ᠵᠡᠭᠦᠨ | ᠬᠤᠰᠢᠭᠤᠨ ᠤ ᠨᠠᠮ ᠵᠠᠰᠠᠭ ᠤᠨ ᠠᠯᠪᠠᠨ ᠠᠰᠠᠷ 602 ᠲᠠᠰᠤᠭ ︵ᠨᠢᠭᠡᠴᠡ ᠶᠢᠨ ᠭᠤᠤᠯ ᠤᠳᠤᠷᠢᠳᠤᠯᠭ᠎ᠠ ᠭᠠᠷ ᠤᠨ | ᠥᠰᠥᠭ ᠵᠢᠷᠤᠵᠤ ᠲᠠᠮᠠᠭ᠎ᠠ ᠳᠠᠷᠤᠨ᠎ᠠ︶ ᠳᠤ ᠬᠦᠷᠭᠡᠵᠦ ᠪᠣᠯᠤᠨ᠎ᠠ᠃ | ᠬᠠᠷᠢᠯᠴᠠᠬᠤ ᠬᠥᠮᠦᠨ᠄ ᠺᠦᠩ ᠰᠢᠶᠠᠩ ᠢ᠄ ᠬᠠᠷᠢᠯᠴᠠᠬᠤ ᠤᠲᠠᠰᠤ᠄ 15647789888 | | ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 11 ᠰᠠᠷ᠎ᠠ ᠶᠢᠨ 28 ᠤ ᠡᠳᠦᠷ | | | |