ᠲᠦᠮᠡᠳ ᠵᠡᠭᠦᠨ ᠬᠤᠰᠢᠭᠤᠨ ᠤ 2024 ᠣᠨ ᠤ 1 ᠰᠠᠷ᠎ᠠ ᠠᠴᠠ 10 ᠰᠠᠷ᠎ᠠ ᠶᠢᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2024/11/28
    ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠨᠡᠮᠡᠭᠳᠡᠯ ᠢᠶᠠᠷ ᠨᠡᠯᠢᠶᠡᠳ ᠤᠳᠠᠭᠠᠨ    1 - 10 ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠵᠦ᠂ ᠪᠦᠬᠦ ᠬᠤᠳᠠ ᠳᠤ ᠳᠣᠯᠣᠳᠤᠭᠠᠷ ᠲᠤ ᠵᠢᠭᠰᠠᠭᠠᠭᠳᠠᠵᠤ᠂ ᠳᠡᠭᠡᠷ᠎ᠡ ᠰᠠᠷ᠎ᠠ ᠶᠢᠨ ᠬᠢ ᠠᠴᠠ 2.4 ᠵᠠᠭᠤᠨ ᠤ ᠬᠤᠪᠢ ᠴᠡᠭ ᠪᠠᠭᠤᠷᠠᠵᠤ᠂ ᠪᠦᠬᠦ ᠬᠤᠳᠠ ᠶᠢᠨ ᠬᠡᠪᠴᠢᠶᠡᠨ ᠠᠴᠠ 1.2 ᠵᠠᠭᠤᠨ ᠤ ᠬᠤᠪᠢ ᠴᠡᠭ ᠳᠣᠣᠷ᠎ᠠ᠃   ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ 251.0 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.8% ᠪᠠᠷ ᠪᠠᠭᠤᠷᠠᠪᠠ᠃ ᠠᠵᠢᠯ ᠲᠥᠷᠥᠯ ᠤᠨ ᠲᠥᠷᠥᠯ ᠢᠶᠠᠷ ᠬᠤᠪᠢᠶᠠᠪᠠᠯ᠄  ᠦᠢᠯᠡᠳᠪᠦᠷᠢᠯᠡᠯ ᠤᠨ ᠦᠢᠯᠡᠰ ᠤᠨ ᠦᠢᠯᠡᠳᠬᠦᠨ ᠤ ᠥᠷᠲᠡᠭ 212.8 ᠳ᠋ᠦᠩᠰᠢᠭᠤᠷ ᠲᠥᠭᠦᠷᠢᠭ ᠲᠤ ᠬᠦᠷᠴᠦ᠂ 5.9% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 5.2 ᠵᠠᠭᠤᠨ ᠤ  ᠬᠤᠪᠢ ᠴᠡᠭ ᠳᠣᠷᠣᠭᠰᠢ᠃ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ 38.2 ᠳ᠋ᠦᠩᠰᠢᠭᠤᠷ ᠲᠥᠭᠦᠷᠢᠭ ᠲᠤ ᠬᠦᠷᠴᠦ᠂ 19.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 2.4 ᠵᠠᠭᠤᠨ ᠤ  ᠬᠤᠪᠢ ᠴᠡᠭ ᠳᠡᠭᠡᠭᠰᠢᠯᠡᠵᠡᠢ᠃    ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 75 ᠪᠠᠶᠢᠵᠤ᠂ ᠡᠭᠦᠨ ᠳᠤ ᠨᠡᠮᠡᠭᠳᠡᠯ ᠠᠵᠤ ᠠᠬᠤᠶᠢᠯᠠᠯ 25 ᠪᠠᠶᠢᠵᠤ᠂ 156.5 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.8% ᠪᠠᠷ ᠨᠡᠮᠡᠭᠳᠡᠨ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠤᠨ ᠬᠤᠷᠳᠤᠴᠠ 8.3 ᠵᠠᠭᠤᠨ ᠤ ᠬᠤᠪᠢ ᠴᠡᠭ ᠬᠦᠷᠴᠦ᠂ ᠪᠥᠬᠦ ᠦᠢᠯᠡᠳᠬᠦᠨ ᠤ ᠥᠷᠲᠡᠭ ᠤᠨ 62.4% ᠶᠢ ᠡᠵᠡᠯᠡᠪᠡ᠃ ᠰᠥᠭᠡᠷᠭᠦ ᠨᠡᠮᠡᠭᠳᠡᠯ ᠠᠵᠤ ᠠᠬᠤᠢ 50 ᠪᠠᠶᠢᠵᠤ᠂ 94.5 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ 23.2% ᠢᠶᠠᠷ ᠪᠠᠭᠤᠷᠠᠵᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 11.1 ᠵᠠᠭᠤᠨ ᠤ ᠬᠤᠪᠢ ᠴᠡᠭ ᠬᠦᠷᠴᠦ᠂ ᠪᠥᠬᠦ ᠦᠢᠯᠡᠳᠬᠦᠨ ᠤ ᠥᠷᠲᠡᠭ ᠤᠨ 37.6% ᠶᠢ ᠡᠵᠡᠯᠡᠪᠡ᠃ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 23 ᠪᠠᠶᠢᠵᠤ᠂ 234.1 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ 1.5% ᠪᠠᠷ ᠪᠠᠭᠤᠷᠠᠪᠠ᠃ ᠪᠥᠬᠦ ᠦᠢᠯᠡᠳᠬᠦᠨ ᠤ ᠥᠷᠲᠡᠭ ᠤᠨ 93.3% ᠶᠢ ᠡᠵᠡᠯᠡᠵᠦ᠂ ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠯᠤᠲᠤ ᠶᠡᠭᠡ ᠪᠠᠶᠢᠨ᠎ᠠ᠃    ᠠᠵᠤ ᠦᠢᠯᠡᠰ ᠢᠶᠠᠷ ᠬᠤᠪᠢᠶᠠᠪᠠᠯ᠄ ᠰᠦ ᠶᠢᠨ ᠦᠢᠯᠡᠰ ᠵᠢᠴᠢ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠦᠢᠯᠡᠳᠬᠦᠨ ᠤ ᠥᠷᠲᠡᠭ 156.0 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 3.2 ᠵᠠᠭᠤᠨ ᠤ  ᠬᠤᠪᠢ ᠴᠡᠭ ᠳᠡᠭᠡᠭᠰᠢᠯᠡᠪᠡ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠢᠴᠢ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠦᠢᠯᠡᠳᠬᠦᠨ ᠤ ᠥᠷᠲᠡᠭ 72.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ 15.2% ᠢᠶᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 5.0 ᠵᠠᠭᠤᠨ ᠤ ᠬᠤᠪᠢ ᠴᠡᠭ ᠪᠤᠯᠪᠠ᠃ ᠪᠤᠰᠤᠳ ᠠᠵᠤ ᠦᠢᠯᠡᠰ 22.7 ᠳ᠋ᠦᠩᠰᠢᠭᠤᠷ ᠲᠥᠭᠦᠷᠢᠭ ᠪᠠᠶᠢᠵᠤ᠂ 9.8% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 1.0 ᠵᠠᠭᠤᠨ ᠤ ᠬᠤᠪᠢ ᠴᠡᠭ ᠳᠡᠭᠡᠭᠰᠢᠯᠡᠪᠡ᠃   ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢᠶᠠᠨ ᠪᠠᠭᠤᠷᠠᠭᠤᠯᠵᠤ ᠬᠦᠷᠦᠯᠴᠡᠬᠦ ᠦᠭᠡᠶ ᠪᠠᠶᠢᠨ᠎ᠠ   10 ᠰᠠᠷ᠎ᠠ ᠪᠣᠯᠲᠠᠯ᠎ᠠ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 89.18 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.8 % ᠪᠠᠷ ᠪᠠᠭᠤᠷᠠᠪᠠ᠃   ᠠᠵᠤ ᠦᠢᠯᠡᠰ ᠢᠶᠠᠷ ᠬᠤᠪᠢᠶᠠᠵᠤ ᠦᠵᠡᠪᠡᠯ᠄ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 5.70 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.6% ᠪᠠᠷ ᠪᠠᠭᠤᠷᠠᠵᠤ᠂ 6.6% ᠶᠢ ᠡᠵᠡᠯᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 38.96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.8% ᠪᠠᠷ ᠪᠠᠭᠤᠷᠠᠵᠤ᠂ 44.8% ᠶᠢ ᠡᠵᠡᠯᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 44.52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5% ᠪᠠᠷ ᠪᠠᠭᠤᠷᠠᠵᠤ᠂ 48.6% ᠶᠢ ᠡᠵᠡᠯᠡᠪᠡ᠃    ᠵᠦᠢᠯ ᠬᠤᠪᠢᠶᠠᠵᠤ ᠦᠵᠡᠪᠡᠯ᠄ ᠣᠳᠣ ᠬᠥᠮᠥᠷᠭᠡ ᠳᠤ ᠪᠠᠶᠢᠭ᠎ᠠ ᠲᠥᠷᠥᠯ ᠵᠦᠢᠯ 220 ᠪᠠᠶᠢᠵᠤ᠂ ᠡᠭᠦᠨ ᠳᠤ ᠢᠯᠢ ᠡᠷᠡᠭᠦᠯ ᠮᠡᠨᠳᠦ ᠵᠢᠯᠠᠭ᠎ᠠ ᠶᠢᠨ ᠲᠥᠷᠥᠯ ᠵᠦᠢᠯ 111 ᠪᠠᠶᠢᠵᠤ᠂ ᠪᠤᠰᠤᠳ ᠲᠥᠷᠥᠯ ᠵᠦᠢᠯ 109 ᠪᠠᠶᠢᠨ᠎ᠠ᠃ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠶ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ 45.62 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.9% ᠪᠠᠷ ᠪᠠᠭᠤᠷᠠᠵᠤ ᠂ ᠪᠥᠬᠦ ᠪᠠᠯᠠ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ 51.2% ᠲᠤ ᠬᠦᠷᠴᠡᠶ᠃ ᠲᠤᠰ ᠰᠠᠷ᠎ᠠ ᠳᠤ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ 6 ᠪᠠᠶᠢᠵᠤ᠂ ᠳᠡᠭᠡᠭᠰᠢ ᠮᠡᠳᠡᠭᠦᠯᠦᠭᠰᠡᠨ ᠪᠡᠯᠡ ᠣᠷᠣᠭᠤᠯᠤᠯᠲᠠ 6195 ᠲᠦᠮᠡᠨ ᠲᠥᠭᠦᠷᠢᠭ ᠲᠤ ᠬᠦᠷᠪᠡ᠃    ᠪᠡᠯᠡ ᠣᠷᠣᠭᠤᠯᠤᠯᠲᠠ ᠶᠢᠨ ᠪᠦᠷᠢᠯᠲᠦᠴᠡ᠄ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ 31.62 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 30% ᠪᠠᠷ ᠪᠠᠭᠤᠷᠠᠵᠤ᠂ ᠤᠭᠰᠠᠷᠠᠯᠲᠠ ᠶᠢᠨ ᠪᠡᠯᠡ ᠣᠷᠣᠭᠤᠯᠤᠯᠲᠠ 10.81 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.5% ᠪᠠᠷ ᠪᠠᠭᠤᠷᠠᠵᠤ᠂ ᠲᠥᠬᠦᠭᠡᠷᠦᠮᠵᠢ ᠶᠢᠨ ᠪᠡᠯᠡ ᠣᠷᠣᠭᠤᠯᠤᠯᠲᠠ 18.73 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.9% ᠪᠠᠷ ᠪᠠᠭᠤᠷᠠᠵᠤ᠂ ᠪᠤᠰᠤᠳ ᠪᠡᠯᠡ ᠣᠷᠣᠭᠤᠯᠤᠯᠲᠠ 28.02 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.4% ᠪᠠᠷ ᠨᠡᠮᠡᠭᠳᠡᠪᠡ᠃    ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ᠄ 9.39 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14% ᠪᠠᠷ ᠨᠡᠮᠡᠭᠳᠡᠪᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠪᠣᠷᠣᠯᠠᠭᠤᠯᠭ᠎ᠠ ᠶᠢᠨ ᠲᠠᠯᠠᠪᠠᠶ 153615 ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.3% ᠪᠠᠷ ᠨᠡᠮᠡᠭᠳᠡᠪᠡ᠃    ᠬᠡᠷᠡᠭᠯᠡᠭᠡᠨ ᠤ ᠵᠠᠬ᠎ᠠ ᠳᠡᠯᠭᠡᠭᠦᠷ ᠬᠠᠷᠢᠴᠠᠩᠭᠤᠢ ᠲᠣᠭᠲᠠᠭᠤᠨ    1 - 10 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 34.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠨ᠂ ᠪᠥᠬᠦ ᠬᠤᠲᠠ ᠶᠢᠨ 0.2 ᠵᠠᠭᠤᠨ ᠤ ᠬᠤᠪᠢ ᠴᠡᠭ ᠠᠴᠠ ᠳᠣᠤᠷ᠎ᠠ ᠪᠣᠯᠵᠣ᠂ ᠪᠥᠬᠦ ᠬᠤᠲᠠ ᠳᠤ ᠵᠢᠷᠭᠤᠳᠤᠭᠠᠷ ᠲᠤ ᠵᠢᠭᠰᠠᠭᠠᠭᠳᠠᠪᠠ᠃    ᠬᠤᠲᠠ ᠬᠥᠳᠡᠭᠡ ᠶᠢᠨ ᠵᠠᠬ᠎ᠠ ᠳᠡᠯᠭᠡᠭᠦᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠨᠢ ᠪᠠᠷᠤᠭ 29.3 ᠳ᠋ᠦᠩᠰᠢᠭᠤᠷ ᠲᠥᠭᠦᠷᠢᠭ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠨᠢ ᠪᠠᠷᠤᠭ 5.2 ᠳ᠋ᠦᠩᠰᠢᠭᠤᠷ ᠲᠥᠭᠦᠷᠢᠭ ᠪᠣᠯᠤᠨ᠎ᠠ᠃ ᠲᠠᠸᠠᠷ ᠤᠨ ᠬᠡᠯᠪᠡᠷᠢ ᠶᠢ ᠦᠨᠳᠦᠰᠦᠯᠡᠨ᠂ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠪᠠᠷᠤᠭ 31.4 ᠳ᠋ᠦᠩᠰᠢᠭᠤᠷ ᠲᠥᠭᠦᠷᠢᠭ ᠲᠤ ᠬᠦᠷᠴᠦ᠂ ᠢᠳᠡᠭᠡᠨ ᠤᠮᠳᠠᠭᠠᠨ ᠤ ᠣᠷᠣᠯᠭ᠎ᠠ ᠪᠠᠷᠤᠭ 3.1 ᠳ᠋ᠦᠩᠰᠢᠭᠤᠷ ᠲᠥᠭᠦᠷᠢᠭ ᠲᠤ ᠬᠦᠷᠴᠡᠶ᠃    1 - 10 ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ 19.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.5% ᠨᠡᠮᠡᠭᠳᠡᠪᠡ᠃ ᠡᠭᠦᠨ ᠳᠤ ᠠᠮᠤ ᠲᠣᠰᠣ ᠢᠳᠡᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 147835 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1 % ᠪᠠᠷ ᠨᠡᠮᠡᠭᠳᠡᠪᠡ᠃ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 30632 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 160.0% ᠨᠡᠮᠡᠭᠳᠡᠪᠡ᠃ ᠬᠢᠲᠠᠳ ᠧᠦ᠋ᠷᠣᠫᠠ ᠡᠮ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 6423 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 79.4 % ᠪᠠᠷ ᠨᠡᠮᠡᠭᠳᠡᠪᠡ᠃ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 7778 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5 % ᠪᠠᠷ ᠪᠠᠭᠤᠷᠠᠪᠠ᠃ ᠬᠤᠭᠤᠯᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 1676 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.7 % ᠪᠠᠷ ᠪᠠᠭᠤᠷᠠᠪᠠ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠡᠳ᠋ ᠶᠢᠨ ᠵᠠᠰᠠᠭ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号