ᠬᠤᠪᠢ ᠬᠤᠷᠠᠮᠳᠤᠭᠤᠯᠵᠤ ᠴᠢᠳᠠᠮᠠᠭᠠᠶ ᠪᠠᠷ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠬᠤᠪᠢ | ᠬᠤᠷᠠᠮᠳᠤᠭᠤᠯᠬᠤ ᠳᠦᠷᠢᠮ︾ ᠢᠶᠠᠷ ᠦᠨᠳᠦᠰᠦᠨ ᠱᠠᠲᠤᠨ ᠤ ᠵᠠᠰᠠᠯᠲᠠ ᠳᠤ ᠴᠢᠳᠠᠪᠤᠷᠢ ᠣᠯᠭᠤᠬᠤ ᠶᠢᠨ ᠲᠥᠯᠥᠭᠡ᠂ | ᠡᠮᠦᠨᠡᠬᠢ ᠬᠤᠭᠤᠴᠠᠭᠠᠨ ᠳᠤ ᠭᠤᠷᠪᠠᠨ ᠬᠤᠶᠠᠷ ᠬᠤᠳᠠᠯᠳᠤᠭᠠᠨ ᠤ ᠵᠡᠭᠡᠯᠢ ᠲᠠᠢ ᠬᠠᠮᠲᠤᠷᠠᠨ ᠪᠠᠶᠢᠭᠤᠯᠤᠭᠰᠠᠨ ︽ | ᠬᠤᠪᠢ ᠬᠤᠷᠠᠮᠳᠤᠭᠤᠯᠵᠤ ᠰᠣᠯᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠰᠠᠭᠤᠷᠢᠨ | ᠳᠡᠭᠡᠷ᠎ᠡ᠂ 11 ᠰᠠᠷ᠎ᠠ ᠶᠢᠨ 5 ᠤ ᠡᠳᠦᠷ᠂ ᠬᠤᠶᠢᠲᠤ ᠰᠢᠷ᠎ᠠ ᠵᠣ ᠰᠢᠶᠠᠩ ᠪᠠᠰᠠ ᠨᠢᠭᠡ ᠬᠤᠪᠢ ᠰᠣᠯᠢᠯᠴᠠᠬᠤ ᠴᠡᠭ | ᠨᠡᠮᠡᠵᠦ᠂ ᠬᠤᠶᠢᠲᠤ ᠰᠢᠷ᠎ᠠ ᠵᠣ ᠰᠢᠶᠠᠩ ᠤᠨ ᠬᠤᠪᠢ ᠬᠤᠷᠠᠮᠳᠤᠭᠤᠯᠬᠤ ᠳᠦᠷᠢᠮ ᠤᠨ ᠠᠵᠢᠯᠯᠠᠭ᠎ᠠ ᠶᠢ ᠪᠦᠬᠦᠨ ᠢ | ᠬᠠᠮᠤᠷᠬᠤ ᠶᠢ ᠠᠬᠢᠭᠤᠯᠪᠠ᠃ ᠥᠷᠭᠡᠨ ᠣᠯᠠᠨ ᠰᠠᠶᠢᠨ ᠳᠤᠷ᠎ᠠ ᠶᠢᠨ ᠦᠢᠯᠡᠴᠢᠯᠡᠭᠴᠢᠳ ᠣᠷᠴᠢᠨ ᠲᠣᠭᠤᠷᠢᠨ ᠤ | ᠠᠷᠢᠭᠤᠨ ᠴᠡᠪᠡᠷ ᠢ ᠴᠡᠭᠴᠡᠯᠡᠨ ᠵᠠᠰᠠᠬᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠶᠠᠳᠠᠭᠤ ᠶᠢ ᠲᠡᠳᠬᠦᠵᠦ | ᠬᠦᠴᠢᠷᠳᠡᠯᠲᠡᠶ ᠶᠢ ᠬᠠᠪᠰᠤᠷᠬᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠳᠤ | ᠢᠳᠡᠪᠬᠢᠲᠡᠢ ᠣᠷᠣᠯᠴᠠᠬᠤ ᠪᠠᠷ ᠳᠠᠮᠵᠢᠭᠤᠯᠤᠨ᠂ ᠵᠣᠬᠢᠬᠤ ᠬᠤᠪᠢ ᠣᠯᠪᠠᠯ ᠡᠷᠡᠭᠦᠯ ᠬᠠᠮᠠᠭᠠᠯᠠᠯ ᠤᠨ ᠬᠤᠷᠢᠶᠠᠨ ᠤ | ᠪᠡᠶ᠎ᠡ ᠶᠢᠨ ᠪᠠᠶᠢᠴᠠᠭᠠᠯᠲᠠ ᠶᠢᠨ ᠺᠠᠷᠲ ᠢ ᠰᠦᠢᠳᠭᠡᠯ ᠬᠤᠷᠢᠶᠠᠬᠤ ᠦᠭᠡᠢ ᠪᠠᠷ ᠰᠣᠯᠢᠵᠤ ᠪᠣᠯᠤᠨ᠎ᠠ᠃ | ᠲᠠᠷᠠᠭᠠᠴᠢ ᠶᠢᠨ ᠠᠯᠬᠤᠮ ᠳᠤ᠂ ᠬᠤᠶᠢᠲᠤ ᠰᠢᠷ᠎ᠠ ᠵᠣ ᠰᠢᠶᠠᠩ ︽ᠬᠤᠪᠢ ᠬᠤᠷᠠᠮᠳᠤᠭᠤᠯᠬᠤ ᠲᠦᠷᠢᠮ︾ ᠢ | ᠳᠡᠯᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠩ ᠣᠯᠠᠨ ᠬᠤᠪᠢ ᠬᠤᠷᠠᠮᠳᠤᠭᠤᠯᠬᠤ ᠪᠠ ᠰᠦᠯᠵᠢᠶᠡᠨ | ᠭᠠᠳᠠᠨ᠎ᠠ ᠰᠣᠯᠢᠬᠤ ᠴᠡᠭ ᠢ ᠪᠠᠶᠢᠭᠤᠯᠵᠤ᠂ ᠣᠯᠠᠨ ᠲᠠᠯ᠎ᠠ ᠶᠢᠨ ᠬᠦᠴᠦᠨ ᠤ ᠣᠷᠣᠯᠴᠠᠬᠤ ᠶᠢ ᠵᠣᠷᠢᠭᠵᠢᠭᠤᠯᠵᠤ᠂ ᠨᠠᠩ | ᠣᠯᠠᠨ ᠲᠣᠰᠬᠤᠨ ᠤ ᠠᠷᠠᠳ ᠢ ᠳᠠᠶᠢᠴᠢᠯᠠᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠵᠤ᠂ ︽ᠵᠠᠰᠠᠬᠤ | ᠡᠲᠡᠭᠡᠳ︾ ᠢ ︽ᠵᠠᠰᠠᠬᠤ ᠬᠦᠴᠦᠨ︾ ᠪᠣᠯᠭᠠᠨ ᠬᠤᠪᠢᠷᠠᠭᠤᠯᠵᠤ᠂ ᠦᠢᠯᠡᠴᠢᠯᠡᠭᠡ ᠪᠠ ᠦᠢᠯᠡᠴᠢᠯᠡᠭᠡᠨ ᠤ | ᠬᠤᠭᠤᠷᠣᠨᠳᠣᠬᠢ ᠬᠤᠤᠰ ᠴᠢᠭᠯᠡᠯ ᠢᠶᠠᠷ ᠠᠬᠢᠭᠤᠯᠬᠤ ᠶᠢ ᠪᠡᠶᠡᠯᠡᠭᠦᠯᠦᠨ᠎ᠡ᠃ |