ᠮᠠᠨ ᠤ ᠰᠢᠶᠠᠩ ᠤᠨ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠳᠠᠬᠢ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠡᠯ᠎ᠡ ᠱᠠᠲᠤᠨ ᠤ ᠲᠣᠣᠷᠴᠢᠯᠠᠭᠰᠠᠨ | ᠬᠠᠮᠢᠶᠠᠷᠤᠯᠲᠠ ᠶᠢᠨ ᠲᠠᠰ ᠳᠠᠪᠬᠤᠷᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠢ ᠨᠠᠩ ᠰᠠᠶᠢᠲᠤᠷ | ᠴᠢᠩᠭᠠᠷᠠᠭᠤᠯᠤᠨ᠂ ᠡᠯ᠎ᠡ ᠲᠣᠣᠷᠴᠢᠯᠠᠭᠰᠠᠨ ᠦᠢᠯᠡᠴᠢᠯᠡᠭᠡᠨ ᠤ ᠠᠵᠢᠯ ᠤᠨ ᠪᠦᠯᠬᠦᠮ ᠨᠡᠶᠢᠲᠡ ᠶᠢᠨ ᠪᠦᠬᠦᠯᠢ | ᠴᠣᠭᠴᠠ ᠶᠢᠨ ᠠᠵᠢᠯᠯᠠᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠱᠠᠲᠤᠨ ᠤ ᠶᠡᠷᠦᠩᠬᠡᠶᠢᠯᠡᠨ | ᠵᠠᠰᠠᠬᠤ ᠲᠥᠪ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠣᠣᠷᠴᠢᠯᠠᠭᠰᠠᠨ ᠦᠢᠯᠡᠴᠢᠯᠡᠭᠡᠨ ᠤ | ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠵᠣᠷᠢᠭᠵᠢᠭᠤᠯᠬᠤ ᠶᠢᠨ ᠲᠤᠰᠠᠳᠠ᠂ | ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠣᠶ | ᠪᠣᠯᠭᠠᠵᠤ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠰᠢᠯᠭᠠᠨ ᠦᠨᠡᠯᠡᠬᠦ ᠵᠠᠷᠴᠢᠮ | ᠡᠷᠬᠡ ᠲᠡᠭᠰᠢ ᠲᠥᠪ ᠭᠤᠤᠯᠴᠢ᠂ ᠪᠤᠰᠤᠳᠴᠢ᠂ ᠰᠢᠨᠵᠢᠯᠡᠬᠦ ᠤᠬᠠᠭᠠᠨᠴᠢ ᠵᠠᠷᠴᠢᠮ ᠶᠣᠰᠣᠭᠠᠷ᠂ ᠪᠥᠬᠦ | ᠬᠤᠰᠢᠭᠤᠨ ᠤ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠣᠨᠣᠪᠴᠢᠲᠠᠶ ᠦᠨᠡᠯᠡᠵᠦ | ᠂ ᠲᠣᠣᠷᠴᠢᠯᠠᠭᠰᠠᠨ ᠦᠢᠯᠡᠴᠢᠯᠡᠭᠡᠨ ᠤ ᠠᠵᠢᠯᠲᠠᠨ ᠤ ᠠᠵᠢᠯ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ | ᠬᠥᠭᠵᠢᠭᠡᠵᠦ᠂ ᠲᠣᠣᠷᠴᠢᠯᠠᠭᠰᠠᠨ ᠦᠢᠯᠡᠴᠢᠯᠡᠭᠡᠨ ᠤ ᠬᠢᠷᠢ ᠲᠦᠪᠰᠢᠨ ᠪᠠ ᠶᠠᠰᠤ ᠴᠢᠨᠠᠷ ᠦᠷ᠎ᠡ ᠪᠦᠲᠦᠮᠵᠢ ᠶᠢ | ᠦᠨᠡᠨᠬᠦ ᠳᠡᠭᠡᠭᠰᠢᠯᠡᠭᠦᠯᠦᠨ᠎ᠡ᠃ | ᠬᠤᠶᠠᠷ᠂ ᠰᠢᠯᠭᠠᠨ ᠦᠨᠡᠯᠡᠬᠦ ᠬᠡᠪᠴᠢᠶ᠎ᠡ | ᠪᠦᠬᠦ ᠰᠢᠶᠠᠩ ᠤᠨ ᠰᠦᠯᠵᠢᠶᠡᠨ ᠤ ᠠᠵᠢᠯᠲᠠᠨ ᠤ ᠡᠩᠨᠡᠭᠡ᠃ | ᠭᠤᠷᠪᠠ᠂ ᠰᠢᠯᠭᠠᠨ ᠦᠨᠡᠯᠡᠬᠦ ᠠᠭᠤᠯᠭ᠎ᠠ ᠬᠢᠭᠡᠳ ᠪᠠᠷᠢᠮᠵᠢᠶ᠎ᠠ | ᠲᠣᠰ ᠤᠳᠠᠭᠠᠨ ᠤ ᠬᠢᠨᠠᠨ ᠰᠢᠯᠭᠠᠯᠲᠠ ᠳᠤ ᠵᠠᠭᠤᠨ ᠬᠤᠪᠢ ᠶᠢᠨ ᠲᠦᠷᠢᠮ ᠢ ᠬᠡᠷᠡᠭᠯᠡᠪᠡ᠃ | ᠪᠦᠬᠦ ᠰᠢᠶᠠᠩ ᠤᠨ ᠬᠤᠶᠠᠳᠤᠭᠠᠷ ᠳᠡᠰ ᠤᠨ ᠲᠣᠣᠷᠴᠢᠯᠠᠭᠰᠠᠨ ᠦᠢᠯᠡᠴᠢᠯᠡᠭᠡᠨ ᠤ ᠠᠵᠢᠯᠯᠠᠭ᠎ᠠ ᠶᠢᠨ ︽ | ᠦᠨᠳᠦᠰᠦᠨ ᠠᠵᠢᠯ᠂ ᠲᠤᠰᠬᠠᠶᠢᠵᠢᠭᠰᠠᠨ ᠠᠵᠢᠯ᠂ ᠰᠢᠰᠲ᠋ᠧᠮ ᠤᠨ ᠦᠨᠡᠯᠡᠯᠲᠡ︾ ᠵᠡᠷᠭᠡ ᠭᠤᠷᠪᠠᠨ ᠬᠡᠰᠡᠭ | ᠠᠭᠤᠯᠭ᠎ᠠ ᠶᠢᠨ ᠲᠣᠭᠤᠷᠢᠨ ᠳᠤ ᠰᠢᠯᠭᠠᠨ ᠦᠨᠡᠯᠡᠯᠲᠡ ᠬᠢᠪᠡ᠃ | 1. ᠦᠨᠳᠦᠰᠦᠨ ᠠᠵᠢᠯ᠃ ︽ᠬᠥᠬᠡᠬᠤᠲᠠ ᠶᠢᠨ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠰᠢᠯᠭᠠᠨ ᠦᠨᠡᠯᠡᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢᠨ | ᠶᠣᠰᠣᠭᠠᠷ ᠬᠤᠪᠢ ᠥᠭᠴᠦ ᠦᠨᠡᠯᠡᠯᠲᠡ ᠬᠢᠪᠡ᠃ ᠰᠠᠭᠤᠷᠢ ᠠᠵᠢᠯ ᠤᠨ ᠪᠠᠶᠢᠳᠠᠯ ᠨᠢ ᠰᠢᠯᠭᠠᠨ ᠬᠢᠨᠠᠬᠤ ᠶᠡᠷᠦᠩᠬᠡᠶ | ᠬᠤᠪᠢ ᠶᠢᠨ 35% ᠶᠢ ᠡᠵᠡᠯᠡᠨ᠎ᠡ᠃ | 2. ᠲᠤᠰᠬᠠᠶᠢᠵᠢᠭᠰᠠᠨ ᠠᠵᠢᠯ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠨᠠᠮᠳᠠᠭᠤᠯᠬᠤ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠤᠰᠬᠠᠢ ᠲᠡᠮᠡᠴᠡᠯ᠂ ᠵᠠᠬᠢᠳᠠᠯ | ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠠᠵᠢᠯ ᠢ | ᠪᠡᠶᠡᠯᠡᠭᠦᠯᠦᠭᠰᠡᠨ ᠪᠠᠶᠢᠳᠠᠯ ᠪᠠᠭᠲᠠᠨ᠎ᠠ᠃ ᠲᠤᠰᠬᠠᠢ ᠠᠵᠢᠯ ᠤᠨ ᠪᠠᠶᠢᠳᠠᠯ ᠨᠢ ᠬᠢᠨᠠᠨ ᠰᠢᠯᠭᠠᠯᠲᠠ ᠶᠢᠨ ᠶᠡᠷᠦᠩᠬᠡᠢ | ᠬᠤᠪᠢ ᠶᠢᠨ 35% ᠢ ᠡᠵᠡᠯᠡᠵᠦ᠃ | 3. ᠰᠢᠰᠲ᠋ᠧᠮ ᠤᠨ ᠦᠨᠡᠯᠡᠯᠲᠡ᠃ ᠰᠠᠭᠤᠷᠢ ᠮᠡᠳᠡᠭᠡ ᠵᠠᠩᠭᠢ ᠶᠢ ᠣᠷᠣᠭᠤᠯᠬᠤ ᠣᠨᠣᠪᠴᠢ ᠶᠢᠨ ᠨᠣᠷᠮ᠎ᠠ᠂ | ᠬᠡᠷᠡᠭ ᠢ ᠳᠡᠭᠡᠭᠰᠢ ᠮᠡᠳᠡᠭᠦᠯᠬᠦ ᠶᠠᠰᠤ ᠴᠢᠨᠠᠷ᠂ ᠭᠤᠤᠯᠳᠠᠯᠭ᠎ᠠ ᠲᠠᠢ ᠲᠥᠷᠥᠯ ᠬᠡᠯᠪᠡᠷᠢ ᠶᠢᠨ ᠬᠡᠷᠡᠭ ᠶᠠᠪᠤᠳᠠᠯ ᠢ | ᠣᠷᠣᠭᠤᠯᠬᠤ ᠨᠣᠷᠮ᠎ᠠ᠂ ᠰᠠᠷ᠎ᠠ ᠪᠦᠷᠢ ᠶᠢᠨ ᠦᠢᠯᠡᠴᠢᠯᠡᠭᠡᠨ ᠤ ᠰᠤᠷᠪᠤᠯᠵᠢᠯᠠᠬᠤ ᠨᠣᠷᠮ᠎ᠠ ᠰᠢᠰᠲ᠋ᠧᠮ ᠤᠨ | ᠲᠠᠪᠴᠠᠩ ᠤᠨ ᠲᠤᠭ᠎ᠠ ᠪᠠᠷᠢᠮᠲᠠ ᠨᠢ ᠣᠨᠣᠪᠴᠢᠲᠠᠶ᠂ ᠵᠢᠷᠤᠮᠵᠢᠯ ᠨᠢ ᠰᠢᠯᠭᠠᠨ ᠬᠢᠨᠠᠬᠤ ᠶᠡᠷᠦᠩᠬᠡᠶ ᠬᠤᠪᠢ ᠶᠢᠨ | 30% ᠶᠢ ᠡᠵᠡᠯᠡᠨ᠎ᠡ᠃ | 4. ᠰᠦᠯᠵᠢᠶᠡᠨ ᠤ ᠠᠵᠢᠯᠲᠠᠨ ᠤ ᠦᠨᠡᠯᠡᠯᠲᠡ ᠨᠢ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ | ᠰᠢᠰᠲ᠋ᠧᠮ ᠤᠨ ᠲᠠᠪᠴᠠᠩ ᠳᠤ ᠲᠦᠰᠢᠭᠯᠡᠨ᠂ ᠡᠳᠦᠷ ᠲᠤᠲᠤᠮ ᠤᠨ ᠶᠡᠷᠦᠩᠬᠡᠶᠢᠯᠡᠭᠰᠡᠨ ᠢᠯᠡᠷᠡᠯ ᠪᠠ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠶᠢ | ᠬᠠᠮᠲᠤ ᠳᠤᠨᠢ ᠬᠠᠷᠠᠭᠠᠯᠵᠠᠵᠤ ᠬᠢᠨᠠᠨ ᠰᠢᠯᠭᠠᠯᠲᠠ ᠬᠢᠵᠦ᠂ ᠰᠢᠯᠢᠳᠡᠭ ᠰᠦᠯᠵᠢᠶᠡᠨ ᠤ ᠠᠵᠢᠯᠲᠠᠨ ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠵᠢᠴᠢ ᠲᠤᠷᠰᠢᠯᠭ᠎ᠠ ᠪᠠᠨ ᠳ᠋ᠦᠩᠨᠡᠬᠦ ᠶᠢ | ᠲᠠᠨᠢᠯᠴᠠᠭᠤᠯᠵᠤ᠂ ᠵᠥᠷᠢᠴᠡᠯ ᠵᠢᠭᠤᠷᠠᠯᠳᠤᠭᠠᠨ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ | ᠪᠣᠳᠠᠲᠠᠶᠢᠵᠢᠭᠤᠯᠬᠤ ᠶᠢ ᠤᠷᠢᠳᠠᠪᠠᠷ ᠪᠣᠳᠣᠯᠬᠢᠯᠠᠵᠤ᠂ ᠠᠷᠢᠯᠭᠠᠬᠤ ᠪᠠ ᠰᠢᠢᠳᠪᠦᠷᠢᠯᠡᠬᠦ ᠳᠡᠭᠡᠨ ᠴᠠᠭ ᠲᠤᠬᠠᠶ ᠳᠤᠨᠢ | ᠳᠣᠭᠢᠷᠠᠮᠵᠢᠲᠠᠶ ᠰᠦᠯᠵᠢᠶᠡᠨ ᠤ ᠠᠵᠢᠯᠲᠠᠨ ᠪᠣᠯᠪᠠ᠃ | ᠳᠥᠷᠪᠡ᠂ ᠰᠢᠯᠭᠠᠷᠠᠭᠤᠯᠬᠤ ᠠᠷᠭ᠎ᠠ ᠮᠠᠶ᠋ᠢᠭ ᠵᠢᠴᠢ ᠦᠷ᠎ᠡ ᠳ᠋ᠦᠩ ᠤᠨ ᠬᠡᠷᠡᠭᠯᠡᠯᠲᠡ | ︵ᠨᠢᠭᠡ︶ ᠰᠢᠯᠭᠠᠨ ᠦᠨᠡᠯᠡᠬᠦ ᠲᠣᠰᠬᠤᠨ ᠨᠢ ᠲᠣᠰᠬᠤᠨ ᠤ 6% ᠪᠠᠷ ︽ᠰᠠᠭᠤᠷᠢ ᠠᠵᠢᠯ᠂ ᠲᠤᠰᠬᠠᠶ | ᠵᠦᠢᠯ ᠤᠨ ᠠᠵᠢᠯ᠂ ᠰᠢᠰᠲ᠋ᠧᠮ ᠲᠠᠢ ᠦᠨᠡᠯᠡᠯᠲᠡ︾ ᠶᠢᠨ ᠪᠠᠶᠢᠳᠠᠯ ᠢ ᠦᠨᠳᠦᠰᠦᠯᠡᠨ ᠬᠤᠪᠢ ᠥᠭᠬᠦ ᠨᠡᠷᠡᠰ ᠤᠨ | ᠵᠢᠭᠰᠠᠭᠠᠯᠲᠠ ᠳᠤ ᠣᠷᠣᠵᠤ᠂ ᠶᠡᠷᠦᠩᠬᠡᠶᠢᠯᠡᠭᠰᠡᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠪᠠᠶᠢᠳᠠᠯ ︵3 ᠵᠢᠯ ᠤᠨ | ᠲᠤᠷᠰᠢ ᠨᠢᠭᠡ ᠯᠡ ᠬᠡᠷᠡᠭ ᠳᠤ 3 ᠠᠴᠠ ᠳᠡᠭᠡᠭᠰᠢ ᠬᠥᠮᠦᠨ ᠠᠯᠠᠭᠰᠠᠨ ᠥᠬᠡᠶ᠂ ︽ᠲᠠᠪᠤ ᠡᠭᠦᠰᠬᠦ ᠥᠬᠡᠶ︾ | ᠲᠥᠷᠥᠯ ᠤᠨ ᠨᠡᠯᠢᠶᠡᠳ ᠶᠡᠭᠡ ᠬᠠᠮᠲᠤᠯᠢᠭ ᠤᠨ ᠴᠢᠨᠠᠷᠲᠠᠶ ᠬᠡᠷᠡᠭ ᠪᠤᠶᠤ ᠬᠦᠨᠳᠦ ᠶᠡᠭᠡ ᠨᠠᠵᠠᠭᠠᠶ ᠲᠠᠯ᠎ᠠ ᠶᠢᠨ ᠶᠠᠷᠢᠶ᠎ᠠ | ᠬᠡᠯᠡᠯᠴᠡᠭᠡᠨ ᠤ ᠬᠡᠷᠡᠭ ᠪᠤᠶᠤ ᠰᠢᠯᠭᠠᠷᠠᠭᠤᠯᠤᠯᠲᠠ ᠳᠤ ᠣᠷᠣᠯᠴᠠᠵᠤ ᠪᠣᠯᠬᠤ ᠥᠬᠡᠶ᠃︶ ᠬᠢᠨᠠᠨ ᠲᠣᠭᠲᠠᠭᠠᠵᠤ | ᠰᠣᠩᠭᠤᠨ ᠲᠠᠨᠢᠯᠴᠠᠭᠤᠯᠵᠤ ᠳᠡᠭᠡᠭᠰᠢ ᠮᠡᠳᠡᠭᠦᠯᠦᠨ᠎ᠡ᠃ | ︵ᠬᠤᠶᠠᠷ︶ ᠰᠢᠯᠭᠠᠨ ᠦᠨᠡᠯᠡᠬᠦ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯᠲᠠᠨ᠃ ᠡᠯ᠎ᠡ | ᠰᠢᠶᠠᠩ ᠠᠴᠠ ᠰᠦᠯᠵᠢᠶᠡᠨ ᠤ ᠠᠵᠢᠯᠲᠠᠨ ᠤ ᠶᠡᠷᠦᠩᠬᠡᠶ ᠲᠤᠭ᠎ᠠ ᠶᠢᠨ 15% ᠶᠢᠨ ᠬᠠᠷᠢᠴᠠᠯ ᠶᠣᠰᠣᠭᠠᠷ᠂ ᠲᠣᠰ | ᠵᠢᠯ ᠤᠨ ᠰᠦᠯᠵᠢᠶᠡᠨ ᠤ ᠠᠵᠢᠯᠲᠠᠨ ᠤ ᠰᠢᠯᠭᠠᠨ ᠦᠨᠡᠯᠡᠬᠦ ᠠᠭᠤᠯᠭ᠎ᠠ ᠵᠢᠴᠢ ᠪᠠᠷᠢᠮᠵᠢᠶ᠎ᠠ ᠶᠢᠨ ᠬᠤᠪᠢ ᠥᠭᠬᠦ | ᠨᠡᠷᠡᠰ ᠤᠨ ᠵᠢᠭᠰᠠᠭᠠᠯᠲᠠ ᠶᠢ ᠦᠨᠳᠦᠰᠦᠯᠡᠨ᠂ ᠠᠩᠬ᠎ᠠ ᠠᠯᠬᠤᠮ ᠬᠢᠨᠠᠨ ᠬᠠᠷᠭᠤᠭᠤᠯᠵᠤ ᠰᠢᠯᠢᠨ ᠰᠣᠩᠭᠤᠵᠤ᠂ | ᠨᠡᠷᠡᠰ ᠤᠨ ᠵᠢᠭᠰᠠᠭᠠᠯᠲᠠ ᠶᠢᠨ ᠶᠣᠰᠣᠭᠠᠷ ᠲᠠᠨᠢᠯᠴᠠᠭᠤᠯᠤᠨ ᠳᠡᠭᠡᠭᠰᠢ ᠮᠡᠳᠡᠭᠦᠯᠦᠨ᠎ᠡ᠃ | ᠲᠠᠪᠤ᠂ ᠠᠵᠢᠯ ᠤᠨ ᠱᠠᠭᠠᠷᠳᠠᠯᠭ᠎ᠠ | 1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠷᠮᠠᠰᠢᠭᠤᠯᠬᠤ ᠤᠳᠤᠷᠢᠳᠤᠮᠵᠢ ᠶᠢ | ᠳᠣᠪᠤᠶᠢᠯᠭᠠᠨ᠎ᠠ᠃ ᠲᠣᠰ ᠵᠢᠯ ᠤᠨ ᠲᠤᠤᠷᠴᠢᠯᠠᠭᠰᠠᠨ ᠰᠢᠯᠭᠠᠨ ᠬᠢᠨᠠᠬᠤ ᠠᠵᠢᠯ ᠢ ᠬᠤᠰᠢᠭᠤᠨ ᠤ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠶᠡᠷᠦᠩᠬᠡᠶᠢᠯᠡᠨ ᠵᠠᠰᠠᠬᠤ ᠲᠥᠪ᠂ ᠰᠢᠶᠠᠩ ᠤᠨ ᠨᠠᠮ ᠤᠨ ᠬᠤᠷᠢᠶ᠎ᠠ ᠠᠴᠠ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠤᠷᠪᠤᠰ ᠢ ᠬᠠᠮᠲᠤ ᠪᠠᠷ ᠥᠷᠨᠢᠭᠦᠯᠵᠦ᠂ ᠴᠢᠩᠭ᠎ᠠ ᠰᠢᠯᠭᠠᠭᠰᠠᠨ᠂ | ᠨᠠᠷᠢᠨ ᠨᠢᠭᠲᠠ᠂ ᠪᠣᠳᠠᠲᠠᠶ ᠰᠢᠯᠭᠠᠭᠰᠠᠨ᠂ ᠣᠨᠣᠪᠴᠢᠲᠠᠶ ᠰᠢᠯᠭᠠᠨ ᠬᠢᠨᠠᠬᠤ ᠶᠢ ᠪᠠᠲᠤᠯᠠᠵᠤ᠂ ᠤᠷᠮᠠᠰᠢᠭᠤᠯᠬᠤ ᠪᠠ | ᠲᠣᠷᠭᠠᠬᠤ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠥᠪ | ᠲᠠᠯ᠎ᠠ ᠶᠢᠨ ᠵᠢᠯᠣᠭᠤᠳᠣᠯᠭ᠎ᠠ ᠶᠢ ᠴᠢᠩᠭᠠᠳᠬᠠᠨ᠎ᠠ᠃ | 2. ᠦᠨᠳᠦᠰᠦᠨ ᠠᠵᠢᠯ ᠢ ᠴᠢᠬᠤᠯᠠᠴᠢᠯᠠᠨ᠎ᠠ᠃ ᠰᠢᠯᠢᠳᠡᠭ ᠲᠣᠰᠬᠤᠨ ᠢ ᠰᠢᠯᠭᠠᠷᠠᠭᠤᠯᠬᠤ ᠳᠤ ᠡᠯ᠎ᠡ | ᠲᠣᠰᠬᠤᠨ ᠤ ᠰᠦᠯᠵᠢᠶᠡᠨ ᠤ ᠠᠵᠢᠯ ᠢ ᠴᠢᠬᠤᠯᠠᠴᠢᠯᠠᠭᠰᠠᠨ ᠬᠡᠮᠵᠢᠶ᠎ᠡ᠂ ᠰᠦᠯᠵᠢᠶᠡᠨ ᠤ ᠠᠵᠢᠯᠲᠠᠨ ᠤ ᠡᠳᠦᠷ | ᠲᠤᠲᠤᠮ ᠤᠨ ᠬᠠᠮᠢᠶᠠᠷᠤᠯᠲᠠ᠂ ᠰᠢᠰᠲ᠋ᠧᠮ ᠤᠨ ᠬᠡᠷᠡᠭ ᠢ ᠳᠡᠭᠡᠭᠰᠢ ᠮᠡᠳᠡᠭᠦᠯᠬᠦ᠂ ᠰᠢᠯᠢᠳᠡᠭ ᠲᠤᠷᠰᠢᠯᠭ᠎ᠠ ᠶᠢ | ᠪᠣᠯᠪᠠᠰᠤᠷᠠᠭᠤᠯᠬᠤ ᠵᠡᠷᠭᠡ ᠰᠠᠭᠤᠷᠢ ᠠᠵᠢᠯ ᠢ ᠭᠤᠤᠯᠳᠠᠯᠭ᠎ᠠ ᠲᠠᠢ ᠪᠣᠳᠣᠯᠬᠢᠯᠠᠬᠤ ᠬᠡᠷᠡᠭᠲᠡᠶ᠃ ᠰᠢᠯᠢᠳᠡᠭ | ᠲᠣᠣᠷᠴᠢᠯᠠᠭᠰᠠᠨ ᠦᠢᠯᠡᠴᠢᠯᠡᠭᠡᠨ ᠤ ᠠᠵᠢᠯᠲᠠᠨ ᠢ ᠰᠢᠯᠭᠠᠷᠠᠭᠤᠯᠵᠤ ᠪᠠᠶᠢᠭᠠᠳ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠵᠢᠴᠢ ᠲᠤᠷᠰᠢᠯᠭ᠎ᠠ ᠪᠠᠨ ᠳ᠋ᠦᠩᠨᠡᠬᠦ ᠪᠠᠷ ᠭᠤᠤᠯᠳᠠᠯᠭ᠎ᠠ ᠪᠣᠯᠭᠠᠵᠤ᠂ | ᠵᠥᠷᠢᠴᠡᠯ ᠵᠢᠭᠤᠷᠠᠯᠳᠤᠭᠠᠨ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠪᠣᠳᠠᠲᠠᠶᠢᠵᠢᠭᠤᠯᠬᠤ ᠶᠢ | ᠤᠷᠢᠳᠠᠪᠠᠷ ᠪᠣᠳᠣᠯᠬᠢᠯᠠᠨ᠂ ᠠᠷᠢᠯᠭᠠᠬᠤ ᠪᠠ ᠰᠢᠢᠳᠪᠦᠷᠢᠯᠡᠬᠦ ᠳᠡᠭᠡᠨ ᠴᠠᠭ ᠲᠤᠬᠠᠶ ᠳᠤᠨᠢ ᠵᠦᠶ ᠵᠣᠬᠢᠰᠲᠠᠶ | ᠰᠦᠯᠵᠢᠶᠡᠨ ᠤ ᠠᠵᠢᠯᠲᠠᠨ ᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠪᠠᠶᠢᠭᠠᠳ ᠲᠣᠰ ᠲᠣᠰᠬᠤᠨ ᠵᠢᠴᠢ | ᠰᠦᠯᠵᠢᠶᠡᠨ ᠤ ᠠᠵᠢᠯᠲᠠᠨ ᠢ ᠤᠯᠠᠮ ᠨᠢᠭᠡ ᠠᠯᠬᠤᠮ ᠰᠠᠭᠤᠷᠢ ᠠᠵᠢᠯ ᠢ ᠪᠣᠳᠠᠲᠠᠶᠢᠵᠢᠭᠤᠯᠵᠤ᠂ ᠭᠤᠤᠯᠳᠠᠯᠭ᠎ᠠ ᠲᠠᠢ | ᠡᠭᠦᠷᠭᠡ ᠬᠠᠷᠢᠭᠤᠴᠠᠯᠭ᠎ᠠ ᠶᠢ ᠪᠣᠳᠠᠲᠠᠶ ᠪᠠᠷ ᠭᠦᠢᠴᠡᠳᠭᠡᠬᠦ ᠬᠡᠷᠡᠭᠲᠡᠶ᠃ | 3. ᠦᠨᠡᠨ ᠰᠢᠯᠭᠠᠵᠤ ᠪᠣᠳᠠᠲᠠᠶ ᠬᠢᠨᠠᠬᠤ ᠶᠢ ᠪᠠᠷᠢᠮᠲᠠᠯᠠᠨ᠂ ᠵᠠᠮ ᠨᠡᠭᠡᠭᠡᠨ ᠰᠢᠨ᠎ᠡ ᠶᠢ ᠡᠭᠦᠳᠬᠦ ᠶᠢ | ᠵᠣᠷᠢᠭᠵᠢᠭᠤᠯᠬᠤ ᠬᠡᠷᠡᠭᠲᠡᠶ᠃ ᠬᠢᠨᠠᠨ ᠰᠢᠯᠭᠠᠬᠤ ᠶᠢ ᠠᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ | ᠴᠢᠬᠤᠯᠠ ᠠᠷᠭ᠎ᠠ ᠬᠡᠮᠵᠢᠶ᠎ᠡ ᠪᠣᠯᠭᠠᠨ ᠠᠳᠬᠤᠵᠤ᠂ ᠪᠣᠳᠠᠲᠤ ᠠᠮᠵᠢᠯᠲᠠ ᠶᠢ ᠴᠢᠬᠤᠯᠠᠴᠢᠯᠠᠵᠤ᠂ ᠠᠷᠠᠳ ᠤᠨ | ᠰᠠᠨᠠᠭ᠎ᠠ ᠶᠢ ᠴᠢᠬᠤᠯᠠᠴᠢᠯᠠᠵᠤ᠂ ᠡᠷᠬᠡ ᠲᠡᠭᠰᠢ ᠲᠥᠪ ᠭᠤᠣᠯᠴᠢ ᠢᠯᠡ ᠲᠣᠳᠣ ᠪᠠᠶᠢᠬᠤ ᠶᠢ ᠪᠠᠷᠢᠮᠲᠠᠯᠠᠬᠤ ᠬᠡᠷᠡᠭᠲᠡᠢ᠃ | ᠰᠢᠶᠠᠩ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠲᠠᠢ ᠤᠶᠠᠯᠳᠤᠭᠤᠯᠤᠨ᠂ ᠨᠡᠶᠢᠲᠡᠯᠢᠭ | ᠲᠤᠷᠰᠢᠯᠭ᠎ᠠ ᠪᠠ ᠣᠨᠴᠠᠯᠢᠭᠲᠤ ᠠᠷᠭ᠎ᠠ ᠬᠢᠳᠡᠯ ᠢ ᠡᠭᠦᠳᠬᠦ ᠶᠢ ᠵᠣᠷᠢᠭᠵᠢᠭᠤᠯᠵᠤ᠂ ︽ᠲᠤᠰ ᠲᠣᠰᠬᠤᠨ ᠤ ᠪᠠᠨ | ᠣᠨᠴᠠᠯᠢᠭᠲᠤ ᠨᠡᠷᠡᠲᠦ ᠲᠡᠮᠳᠡᠭᠲᠦ︾ ᠶᠢᠨ ᠠᠵᠢᠯ ᠤᠨ ᠪᠠᠶᠢᠳᠠᠯ ᠢ ᠠᠯᠬᠤᠮ ᠠᠯᠬᠤᠮ ᠢᠶᠠᠷ ᠪᠤᠢ ᠪᠣᠯᠭᠠᠬᠤ ᠬᠡᠷᠡᠭᠲᠡᠶ᠃ | 4᠂ ᠡᠯ᠎ᠡ ᠲᠣᠰᠬᠤᠨ 11 ᠰᠠᠷ᠎ᠠ ᠶᠢᠨ 4 ᠤ ᠡᠳᠦᠷ ᠠᠴᠠ ᠡᠮᠦᠨ᠎ᠡ ᠲᠣᠰ ᠲᠣᠰᠬᠤᠨ ᠵᠢᠴᠢ ᠲᠣᠣᠷᠴᠢᠯᠠᠭᠰᠠᠨ | ᠦᠢᠯᠡᠴᠢᠯᠡᠭᠡᠨ ᠤ ᠠᠵᠢᠯᠲᠠᠨ ᠤ ᠬᠤᠪᠢᠶᠠᠷᠢ ᠪᠠᠢᠳᠠᠯ ᠤᠨ ᠬᠦᠰᠦᠨᠦᠭᠲᠦ᠂ ᠲᠣᠰᠬᠤᠨ ᠤ ᠲᠣᠣᠷᠴᠢᠯᠠᠭᠰᠠᠨ | ᠦᠢᠯᠡᠴᠢᠯᠡᠭᠡᠨ ᠤ ᠠᠵᠢᠯᠲᠠᠨ ᠤ ᠨᠡᠷᠡᠰ ᠵᠢᠴᠢ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ | ᠲᠤᠷᠰᠢᠯᠭ᠎ᠠ ᠶᠢᠨ ᠬᠢᠯᠠᠰ ᠴᠡᠭ ᠤᠨ ᠮᠠᠲ᠋ᠧᠷᠢᠶᠠᠯ ᠢ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠲᠤ 907 ᠶᠢ | ᠮᠡᠳᠡᠭᠦᠯᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠶᠢᠲᠣ ᠰᠢᠷ᠎ᠠ ᠵᠣ ᠰᠢᠶᠠᠩ ᠤᠨ ᠡᠪᠯᠡᠯ | 2024 ᠣᠨ ᠤ 11 ᠰᠠᠷ᠎ᠠ ᠶᠢᠨ 6 ᠤ ᠡᠳᠦᠷ |