ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠬᠦᠴᠦᠲᠡᠢ | ᠠᠬᠢᠭᠤᠯᠬᠤ ᠶᠢᠨ ᠲᠥᠯᠥᠭᠡ᠂ 11 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠪᠠᠢ ᠮᠢᠶᠣᠣ ᠽᠢ ᠪᠠᠯᠭᠠᠰᠤ | ᠪᠦᠬᠦ ᠪᠠᠯᠭᠠᠰᠤᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠨᠠᠮ ᠪᠠ | ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠢᠦᠢ ᠵᠢᠶᠧ ᠡᠷᠬᠢᠯᠡᠵᠦ᠂ ᠪᠠᠯᠭᠠᠰᠤᠨ ᠤ | ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠶᠦᠨ ᠱᠠ ᠱᠠ᠂ ᠪᠠᠯᠭᠠᠰᠤᠨ ᠤ ᠳᠡᠳ᠋ ᠳᠠᠷᠤᠭ᠎ᠠ ᠷᠧᠨ | ᠭᠤᠸᠠᠨ ᠬᠤᠤ᠂ ᠪᠠᠢ ᠮᠢᠶᠣᠣ ᠽᠢ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠳᠠᠷᠤᠭ᠎ᠠ ᠹᠧᠩ ᠱᠧᠩ ᠶᠦᠨ ᠵᠢᠴᠢ | ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠬᠥᠳᠡᠭᠡ ᠲᠣᠰᠬᠤᠨ ᠤ ᠲᠤᠰᠠᠯᠠᠭᠴᠢ ᠬᠤᠷᠠᠯ ᠳᠤ ᠣᠷᠣᠯᠴᠠᠪᠠ᠃ | ᠬᠤᠷᠠᠯ ᠠᠴᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ᠂ ᠠᠵᠤ ᠦᠢᠯᠡᠰ ᠢᠶᠠᠷ ᠬᠠᠪᠰᠤᠷᠤᠨ | ᠲᠡᠳᠬᠦᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠰᠢ ᠰᠦᠷᠡᠯ ᠢ | ᠰᠢᠲᠠᠭᠠᠬᠤ ᠶᠢ ᠴᠠᠭᠠᠵᠠᠯᠠᠬᠤ ᠬᠠᠮᠢᠶ᠎ᠠ ᠪᠦᠬᠦᠢ ᠠᠵᠢᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠠᠵᠢᠯ᠂ ᠦᠨᠡᠨᠴᠢ ᠢᠲᠡᠭᠡᠮᠵᠢ ᠶᠢᠨ ᠠᠵᠢᠯ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ᠂ ᠨᠠᠮᠤᠷ ᠤᠨ ᠬᠤᠷᠢᠶᠠᠯᠲᠠ ᠶᠢᠨ ᠳᠠᠷᠠᠭᠠᠬᠢ ᠠᠮᠤᠷ ᠲᠦᠪᠰᠢᠨ ᠤ ᠪᠠᠲᠤᠯᠠᠭ᠎ᠠ | ᠵᠡᠷᠭᠡ ᠠᠵᠢᠯ ᠢ ᠨᠠᠷᠢᠨ ᠨᠢᠭᠲᠠ ᠪᠠᠶᠢᠷᠢᠯᠠᠭᠤᠯᠵᠠᠢ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠡᠯ᠎ᠡ ᠲᠣᠰᠬᠤᠨ ᠠᠵᠤ ᠦᠢᠯᠡᠰ ᠢᠶᠠᠷ ᠡᠷᠦᠬᠡ ᠳᠤ ᠬᠦᠷᠲᠡᠯ᠎ᠡ | ᠬᠠᠪᠰᠤᠷᠤᠨ ᠲᠡᠳᠬᠦᠬᠦ ᠠᠭᠤᠯᠭ᠎ᠠ ᠶᠢ ᠦᠨᠳᠦᠰᠦᠯᠡᠨ᠂ ᠨᠠᠷᠢᠯᠢᠭ ᠣᠨᠣᠴᠠᠲᠠᠶ ᠪᠠᠷ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠵᠦ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠭᠦᠨ ᠤ | ᠬᠠᠮᠲᠤ ᠡᠯ᠎ᠡ ᠲᠣᠰᠬᠤᠨ ᠤ ᠬᠢᠨ ᠲᠤᠰ ᠵᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠠᠵᠢᠯ ᠢ | ᠰᠠᠶᠢᠲᠤᠷ ᠬᠢᠬᠦ ᠬᠡᠷᠡᠭᠲᠡᠢ ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯ ᠳᠤ ᠬᠤᠷᠠᠮᠳᠤᠭᠰᠠᠨ ᠭᠠᠵᠠᠷ ᠤᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠵᠦ᠂ ᠬᠤᠭ ᠨᠣᠪᠰᠢ ᠶᠢ | ᠲᠣᠰᠬᠤᠨ ᠢᠶᠠᠷ ᠬᠦᠷᠢᠶᠡᠯᠡᠬᠦ ᠵᠡᠷᠭᠡ ᠦᠵᠡᠭᠳᠡᠯ ᠭᠠᠷᠬᠤ ᠶᠢ ᠡᠷᠡᠰ ᠬᠤᠷᠢᠭᠯᠠᠵᠤ᠂ ᠳᠡᠭᠡᠷ᠎ᠡ ᠬᠥᠯᠳᠡᠬᠦ ᠠᠴᠠ ᠡᠮᠦᠨ᠎ᠡ | ᠴᠡᠪᠡᠷᠯᠡᠨ ᠠᠷᠢᠯᠭᠠᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠡᠯ᠎ᠡ ᠲᠣᠰᠬᠤᠨ ᠲᠠᠨᠢᠯᠲᠠ ᠪᠠᠨ ᠳᠡᠭᠡᠭᠰᠢᠯᠡᠭᠦᠯᠵᠦ᠂ | ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠠᠵᠢᠯ ᠤᠨ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ | ᠰᠡᠳᠬᠢᠯᠭᠡ ᠪᠠᠨ ᠴᠢᠩᠭᠠᠳᠬᠠᠵᠤ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠶᠢ | ᠢᠳᠡᠪᠬᠢᠲᠡᠢ ᠤᠬᠠᠭᠤᠯᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠢᠲᠠᠭᠠᠬᠤ ᠶᠢ ᠴᠠᠭᠠᠵᠠᠯᠠᠬᠤ | ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠰᠢᠲᠠᠭᠠᠬᠤ ᠶᠢ ᠴᠠᠭᠠᠵᠠᠯᠠᠬᠤ ᠠᠵᠢᠯᠯᠠᠭ᠎ᠠ ᠶᠢ ᠡᠬᠢ ᠡᠭᠦᠰᠦᠯ ᠠᠴᠠ ᠨᠢ | ᠬᠤᠷᠢᠭᠯᠠᠵᠤ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠭᠤᠷᠪᠠ ᠳᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠠᠵᠢᠯ ᠪᠣᠯᠭᠠᠵᠤ᠂ ᠦᠨᠡᠨᠴᠢ ᠢᠲᠡᠭᠡᠮᠵᠢ ᠶᠢᠨ ᠰᠣᠶᠣᠯ ᠢ ᠶᠡᠬᠡᠪᠡᠷ ᠪᠠᠳᠠᠷᠠᠭᠤᠯᠤᠨ᠂ ᠦᠨᠡᠨᠴᠢ | ᠢᠲᠡᠭᠡᠮᠵᠢ ᠶᠢᠨ ᠬᠥᠮᠦᠵᠢᠯ ᠪᠠ ᠤᠬᠠᠭᠤᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠡᠨᠴᠢ ᠢᠲᠡᠭᠡᠮᠵᠢ ᠶᠢᠨ | ᠬᠠᠮᠢᠶ᠎ᠠ ᠪᠦᠬᠦᠢ ᠠᠭᠤᠯᠭ᠎ᠠ ᠶᠢᠨ ᠲᠣᠪᠴᠢ ᠮᠡᠳᠡᠭᠡ ᠶᠢ ᠢᠳᠡᠪᠬᠢᠲᠡᠶ ᠪᠠᠷ ᠮᠡᠳᠡᠭᠦᠯᠦᠨ ᠬᠦᠷᠭᠡᠵᠦ᠂ ᠦᠨᠡᠨᠴᠢ | ᠢᠲᠡᠭᠡᠮᠵᠢ ᠶᠢᠨ ᠨᠡᠶᠢᠲᠡᠯᠢᠭ ᠬᠥᠮᠦᠰ ᠢ ᠪᠤᠢ ᠪᠣᠯᠭᠠᠵᠤ᠂ ︽ᠬᠥᠮᠦᠨ ᠪᠦᠬᠦᠨ ᠦᠨᠡᠨᠴᠢ ᠢᠲᠡᠭᠡᠮᠵᠢ ᠲᠠᠢ ᠪᠠᠶᠢᠬᠤ᠂ | ᠡᠷᠦᠬᠡ ᠪᠣᠯᠭᠠᠨ ᠦᠨᠡᠨᠴᠢ ᠢᠲᠡᠭᠡᠮᠵᠢ ᠲᠠᠢ ᠪᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠶ᠃ ᠲᠦᠷᠪᠡ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠬᠠᠰᠢᠯᠭ᠎ᠠ ᠶᠢ ᠦᠷᠭᠦᠯᠵᠢᠯᠡᠨ | ᠪᠠᠬᠢᠵᠢᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠤᠷᠳᠤ ᠬᠤᠭᠤᠴᠠᠭᠠᠨ ᠤ ᠪᠦᠲᠦᠮᠵᠢᠲᠡᠢ ᠪᠠᠲᠤ ᠶᠣᠰᠣ ᠲᠦᠷᠢᠮ ᠬᠠᠲᠠᠭᠤ ᠪᠠᠷᠢᠮᠵᠢᠶ᠎ᠠ | ᠪᠣᠯᠭᠠᠵᠤ᠂ ᠦᠷᠭᠦᠯᠵᠢᠯᠡᠨ ᠭᠦᠨᠵᠡᠭᠡᠢ ᠪᠣᠳᠠᠲᠠᠢ ᠠᠳᠬᠤᠵᠤ ᠬᠢᠬᠦ ᠶᠢ ᠪᠠᠷᠢᠮᠲᠠᠯᠠᠨ᠎ᠠ᠃ ᠲᠠᠪᠤ ᠳᠤ᠂ ᠵᠣᠭᠤᠰ | ᠨᠠᠭᠠᠳᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ ᠲᠦᠮᠡᠨ ᠤ | ᠮᠡᠬᠡᠯᠡᠯ ᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ |