ᠡᠨᠡ ᠵᠢᠯ 67 ᠨᠠᠰᠤᠲᠠᠢ ᠯᠢᠦ ᠸᠧᠨ ᠴᠢᠤᠸᠠᠨ ᠮᠣᠩᠭᠤᠯ ᠦᠨᠳᠦᠰᠦᠲᠡᠨ ᠤ ᠵᠢᠷᠤᠭ ᠵᠢᠷᠤᠬᠤ ᠠᠵᠢᠯ ᠬᠢᠭᠡᠳ | ᠨᠢᠭᠡᠨᠲᠡ 50 ᠵᠢᠯ ᠰᠢᠬᠠᠮ ᠪᠤᠯᠪᠠ᠂ ᠡᠨᠡ ᠪᠣᠯ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠲᠥᠷᠥᠯ ᠵᠦᠢᠯ ᠤᠨ ᠮᠣᠩᠭᠤᠯ ᠦᠨᠳᠦᠰᠦᠲᠡᠨ ᠤ ᠬᠡ ᠤᠭᠠᠯᠵᠠ ᠶᠢᠨ ᠬᠥᠬᠡᠬᠤᠲᠠ ᠶᠢᠨ ᠬᠤᠲᠠ ᠶᠢᠨ | ᠳᠡᠰ ᠤᠨ ᠲᠥᠯᠥᠭᠡᠯᠡᠬᠦ ᠴᠢᠨᠠᠷᠲᠠᠢ ᠵᠠᠯᠭᠠᠮᠵᠢᠯᠠᠭᠴᠢ ᠪᠣᠯᠤᠨ᠎ᠠ᠃ | ᠲᠦᠮᠡᠳ ᠵᠡᠭᠦᠨ ᠬᠤᠰᠢᠭᠤᠨ ᠤ ᠲᠠᠪᠤᠨᠰᠠᠶᠢᠨ ᠰᠢᠶᠠᠩ ᠤᠨ ᠲᠡᠮᠦᠷ ᠲᠣᠰᠬᠤᠨ ᠤ ᠯᠢᠦ ᠸᠧᠨ ᠴᠢᠤᠸᠠᠨ ᠤ | ᠭᠡᠷ ᠲᠤ ᠣᠷᠣᠬᠤ ᠳᠤ᠂ ᠮᠣᠩᠭᠤᠯ ᠦᠨᠳᠦᠰᠦᠲᠡᠨ ᠤ ᠬᠡ ᠤᠭᠠᠯᠵᠠ ᠶᠢ ᠵᠢᠷᠤᠭᠰᠠᠨ ᠡᠯ᠎ᠡ ᠵᠦᠢᠯ ᠤᠨ ᠡᠳᠦᠷ | ᠲᠣᠲᠤᠮ ᠤᠨ ᠬᠡᠷᠡᠭᠯᠡᠭᠡᠨ ᠤ ᠵᠦᠢᠯ ᠭᠡᠷ ᠪᠣᠯᠭᠠᠨ ᠳᠤ ᠬᠠᠷᠠᠭᠳᠠᠨ᠎ᠠ᠃ ᠡᠳᠡᠭᠡᠷ ᠪᠣᠯ ᠴᠥᠮ ᠯᠢᠦ ᠸᠧᠨ ᠴᠢᠤᠸᠠᠨ | ᠰᠡᠯᠡᠭᠦᠦ ᠦᠶ᠎ᠡ ᠳᠤ ᠭᠡᠷ ᠤᠨ ᠢᠶᠠᠨ ᠬᠠᠭᠤᠴᠢᠨ ᠶᠠᠭᠤᠮ᠎ᠠ ᠪᠠᠨ ᠭᠠᠷᠭᠠᠵᠤ ᠰᠢᠨᠡᠴᠢᠯᠡᠭᠰᠡᠨ ︽ᠭᠠᠷᠮᠠᠭᠠᠢ ᠪᠥᠲᠥᠭᠡᠯ︾ | ᠪᠣᠯᠣᠨ᠎ᠠ᠃ | ᠵᠢᠷᠤᠭ ᠲᠠᠢ ᠬᠤᠪᠢ ᠪᠠᠷᠢᠯᠳᠤᠯᠭ᠎ᠠ ᠶᠢᠨ ᠲᠤᠬᠠᠢ ᠶᠠᠷᠢᠬᠤ ᠳᠤ᠂ ᠯᠢᠦ ᠸᠤᠨ ᠴᠢᠤᠸᠠᠨ ᠤ ᠬᠠᠷᠠᠴᠠ ᠨᠢ ᠴᠠᠭ | ᠣᠷᠣᠨ ᠵᠠᠢ ᠶᠢ ᠠᠯᠤᠰᠯᠠᠵᠤ ᠰᠤᠷᠤᠭᠴᠢ ᠶᠢᠨ ᠴᠠᠭ ᠦᠶ᠎ᠡ ᠶᠢᠨ ᠥᠪᠡᠷ ᠤᠨ ᠪᠡᠶ᠎ᠡ ᠳᠡᠭᠡᠨ ᠬᠠᠨᠳᠤᠵᠤ᠂ ︽ | ᠪᠠᠭ᠎ᠠ ᠳᠤ ᠪᠠᠨ ᠵᠢᠷᠤᠭ ᠵᠢᠷᠤᠬᠤ ᠳᠤᠷᠠᠲᠠᠢ᠂ ᠠᠩᠭᠢ ᠶᠢᠨ ᠬᠠᠷ᠎ᠠ ᠰᠠᠮᠪᠠᠷ᠎ᠠ ᠶᠢᠨ ᠰᠣᠨᠢᠨ ᠮᠢᠨᠦ ᠭᠠᠷ ᠠᠴᠠ ᠢᠯᠡᠭᠦᠦ | ᠭᠠᠷᠴᠠᠢ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠷᠠᠭ᠎ᠠ ᠰᠣᠶᠣᠯ ᠤᠨ ᠣᠷᠳᠣᠨ ᠲᠦᠮᠡᠳ ᠵᠡᠭᠦᠨ | ᠬᠤᠰᠢᠭᠤᠨ ᠤ ᠲᠤᠰ ᠭᠠᠵᠠᠷ ᠤᠨ ᠨᠡᠷᠡᠲᠦ ᠪᠠᠭᠰᠢ ᠶᠢ ᠳᠠᠭᠠᠵᠤ ᠮᠡᠷᠭᠡᠵᠢᠯ ᠰᠤᠷᠬᠤ ᠬᠤᠭᠤᠴᠠᠭᠠᠨ ᠳᠤ ᠮᠣᠩᠭᠤᠯ | ᠦᠨᠳᠦᠰᠦᠲᠡᠨ ᠤ ᠬᠡ ᠤᠭᠠᠯᠵᠠ ᠪᠠ ᠠᠷᠠᠳ ᠤᠨ ᠳᠤᠮᠳᠠᠬᠢ ᠥᠯᠵᠡᠢ ᠪᠡᠯᠭᠡᠲᠦ ᠵᠢᠷᠤᠭ ᠳᠦᠷᠰᠦ ᠶᠢ ᠰᠤᠷᠤᠯᠴᠠᠪᠠ᠃ | | ᠰᠡᠭᠦᠯᠡᠷ ᠨᠢ ᠮᠣᠩᠭᠤᠯ ᠦᠨᠳᠦᠰᠦᠲᠡᠨ ᠤ ᠬᠡ ᠵᠢᠷᠤᠭ ᠲᠤ ᠤᠯᠠᠮ ᠬᠠᠶᠢᠷ᠎ᠠ ᠰᠡᠳᠬᠢᠯᠭᠡ ᠲᠠᠢ ᠪᠣᠯᠵᠤ᠂ 1980 | ᠣᠨ ᠠᠴᠠ ᠡᠬᠢᠯᠡᠨ ᠮᠣᠩᠭᠤᠯ ᠦᠨᠳᠦᠰᠦᠲᠡᠨ ᠤ ᠬᠡ ᠤᠭᠠᠯᠵᠠ ᠶᠢ ᠵᠣᠬᠢᠶᠠᠨ ᠪᠦᠲᠦᠭᠡᠵᠦ᠂ ᠤᠷᠢᠳ ᠬᠤᠵᠢᠳ | ᠦᠨᠳᠦᠰᠦᠲᠡᠨ ᠤ ᠬᠡᠷᠡᠭᠰᠡᠯ ᠤᠨ ᠦᠢᠯᠡᠳᠪᠦᠷᠢ᠂ ᠸᠠᠭᠠᠷ ᠱᠠᠭᠠᠵᠠᠩ ᠤᠨ ᠦᠢᠯᠡᠳᠪᠦᠷᠢ ᠳᠤ ᠠᠵᠢᠯᠯᠠᠵᠤ᠂ 2011 | ᠣᠨ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠦᠨᠳᠦᠰᠦᠲᠡᠨ ᠤ ᠵᠢᠷᠤᠭ ᠳᠦᠷᠰᠦ | ᠰᠤᠳᠤᠯᠬᠤ ᠵᠥᠪᠯᠡᠭᠴᠢ ᠪᠣᠯᠵᠠᠶ᠃ ᠣᠯᠠᠨ ᠵᠢᠯ ᠤᠨ ᠲᠤᠷᠰᠢᠬᠢ ᠵᠢᠷᠤᠭ ᠤᠨ ᠥᠩᠭᠡᠷᠡᠭᠡᠯᠲᠡ ᠨᠢ ᠯᠢᠦ ᠸᠧᠨ | ᠴᠢᠤᠸᠠᠨ ᠳᠤ ᠭᠦᠢᠴᠡᠳ ᠰᠢᠮ᠎ᠡ ᠲᠡᠵᠢᠭᠡᠯ ᠬᠦᠷᠲᠡᠭᠡᠵᠦ᠂ ᠬᠤᠵᠢᠮ ᠤᠨ ᠲᠡᠷᠡ ᠥᠪᠡᠷ ᠤᠨ ᠰᠠᠨᠠᠭ᠎ᠠ ᠪᠠᠷ ᠢᠶᠠᠨ | ᠰᠠᠶᠢᠬᠠᠨ ᠵᠣᠬᠢᠶᠠᠨ ᠪᠦᠲᠦᠭᠡᠵᠦ᠂ ᠶᠠᠭᠤ ᠴᠤ ᠭᠡᠰᠡᠨ ᠲᠠᠷᠢᠬᠢᠨ ᠠᠴᠠ ︽ᠭᠠᠷᠭᠠᠵᠤ ᠬᠡᠷᠡᠭᠯᠡᠬᠦ︾ ᠴᠢᠬᠤᠯᠠᠲᠠᠢ᠂ ︽ | ᠪᠢ ᠣᠳᠣ ᠡᠨᠡ ᠬᠡᠪᠯᠡᠯ ᠤᠨ ᠨᠢᠭᠤᠷ ᠢ ᠦᠵᠡᠭᠡᠳ᠂ ᠤᠷᠢᠳ ᠢᠶᠠᠷ ᠭᠧᠦᠮᠧᠲ᠋ᠧᠷ ᠪᠠᠷ ᠲᠡᠭᠦᠨ ᠢ ᠰᠠᠯᠭᠠᠵᠤ᠂ | ᠰᠠᠯᠭᠠᠭᠰᠠᠨ ᠭᠧᠦᠮᠧᠲ᠋ᠧᠷ ᠠᠴᠠ ᠵᠢᠷᠤᠭ ᠵᠢᠷᠤᠵᠤ᠂ ᠪᠣᠳᠠᠰ ᠤᠨ ᠬᠡᠯᠪᠡᠷᠢ ᠳᠦᠷᠰᠦ ᠶᠢ ᠦᠵᠡᠨ᠎ᠡ︾᠃ | ᠮᠣᠩᠭᠤᠯ ᠦᠨᠳᠦᠰᠦᠲᠡᠨ ᠤ ᠬᠡ ᠤᠭᠠᠯᠵᠠ ᠶᠢᠨ ᠨᠢᠭᠡᠨ ᠰᠠᠯᠪᠤᠷᠢ ᠰᠤᠳᠠᠰᠤ ᠪᠣᠯᠤᠭᠰᠠᠨ ᠤ ᠬᠤᠪᠢ ᠳᠤ᠂ | ᠮᠤᠩᠭᠤᠯ ᠦᠨᠳᠦᠰᠦᠲᠡᠨ ᠤ ᠵᠢᠷᠤᠭ ᠳᠦᠷᠰᠦ ᠶᠢ ᠦᠨᠳᠦᠰᠦᠲᠡᠨ ᠤ ᠰᠢᠨᠵᠢ ᠴᠢᠨᠠᠷ ᠢ ᠢᠯᠭᠠᠨ ᠲᠠᠨᠢᠬᠤ ᠨᠢᠭᠡ | ᠵᠦᠢᠯ ᠤᠨ ᠬᠠᠷᠠᠭᠠᠨ ᠰᠠᠷᠠᠯ ᠤᠨ ᠲᠡᠮᠳᠡᠭ ᠢᠶᠠᠷ ᠭᠠᠵᠠᠷ ᠪᠣᠯᠭᠠᠨ ᠳᠤ ᠦᠨᠳᠦᠰᠦᠲᠡᠨ ᠤ ᠠᠭᠤᠷ | ᠠᠮᠢᠰᠬᠤᠯ ᠪᠣᠯᠤᠨ ᠭᠤᠸ᠎ᠠ ᠰᠠᠢᠬᠠᠨ ᠣᠷᠤᠰᠢᠵᠤ ᠪᠠᠶᠢᠨ᠎ᠠ᠃ ᠮᠤᠩᠭᠤᠯ ᠦᠨᠳᠦᠰᠦᠲᠡᠨ ᠤ ᠵᠢᠷᠤᠭ | ᠳᠦᠷᠰᠦ ᠨᠢ ᠠᠭᠤᠯᠭ᠎ᠠ ᠶᠢᠨ ᠲᠠᠯ᠎ᠠ ᠪᠠᠷ ᠪᠠᠶᠢᠭᠠᠯᠢ ᠶᠢᠨ ᠬᠡ ᠤᠭᠠᠯᠵᠠ᠂ ᠦᠯᠵᠡᠢ ᠪᠡᠯᠭᠡᠳᠡᠯ ᠤᠨ ᠵᠢᠷᠤᠭ ᠭᠡᠵᠦ | ᠬᠤᠪᠢᠶᠠᠳᠠᠭ᠃ ᠬᠡ ᠵᠢᠷᠤᠭ ᠨᠢ ᠠᠭᠤᠯᠭ᠎ᠠ ᠪᠠᠷ ᠪᠠᠶᠠᠯᠢᠭ᠂ ᠥᠩᠭᠡ ᠪᠤᠳᠤᠭ ᠨᠢ ᠭᠤᠶᠤ᠂ ᠬᠠᠷᠢᠴᠠᠭᠤᠯᠤᠯ ᠨᠢ | ᠴᠢᠩᠭ᠎ᠠ ᠪᠠᠶᠢᠳᠠᠭ᠃ ᠮᠣᠩᠭᠤᠯ ᠦᠨᠳᠦᠰᠦᠲᠡᠨ ᠤ ᠤᠯᠠᠮᠵᠢᠯᠠᠯᠲᠤ ᠬᠡ ᠤᠭᠠᠯᠵᠠ ᠶᠢᠨ ᠬᠠᠮᠤᠭ ᠤᠨ ᠢᠯᠡ ᠰᠢᠨᠵᠢ | ᠴᠢᠨᠠᠷ ᠪᠣᠯ ᠪᠦᠲᠦᠴᠡ ᠨᠢ ᠳᠦᠭᠦᠷᠡᠩ ᠪᠠᠢᠳᠠᠭ᠃ | ᠮᠣᠩᠭᠤᠯ ᠦᠨᠳᠦᠰᠦᠲᠡᠨ ᠤ ᠬᠡ ᠤᠭᠠᠯᠵᠠ ᠨᠢ ᠪᠤᠰᠤᠳ ᠦᠨᠳᠦᠰᠦᠲᠡᠨ ᠤ ᠬᠡ ᠵᠢᠷᠤᠭ ᠲᠠᠢ ᠨᠢᠭᠲᠠ | ᠬᠤᠯᠪᠣᠭ᠎ᠠ ᠲᠠᠢ ᠪᠥᠭᠡᠳ ᠪᠤᠰᠤᠳ ᠦᠨᠳᠦᠰᠦᠲᠡᠨ ᠤ ᠰᠣᠶᠣᠯ ᠤᠨ ᠣᠬᠢ ᠰᠣᠳᠣ ᠶᠢ ᠰᠢᠩᠭᠡᠭᠡᠨ ᠠᠪᠤᠭᠰᠠᠨ | ᠪᠣᠯᠪᠠᠴᠤ ᠬᠡ ᠤᠭᠠᠯᠵᠠ ᠶᠢ ᠨᠢ ᠬᠡᠷᠡᠭᠯᠡᠬᠦ ᠳᠡᠭᠡᠨ ᠮᠣᠩᠭᠤᠯ ᠦᠨᠳᠦᠰᠦᠲᠡᠨ ᠤ ᠣᠨᠴᠠᠯᠢᠭ ᠢᠶᠠᠨ ᠬᠠᠷᠠᠭᠤᠯᠤᠭᠰᠠᠨ | ᠪᠠᠶᠢᠨ᠎ᠠ᠃ ᠡᠨᠡ ᠨᠢ ᠮᠣᠩᠭᠤᠯ ᠦᠨᠳᠦᠰᠦᠲᠡᠨ ᠤ ᠥᠪᠡᠷᠮᠢᠴᠡ ᠬᠡ ᠪᠣᠯᠤᠨ᠎ᠠ᠃ | ᠮᠣᠩᠭᠤᠯ ᠦᠨᠳᠦᠰᠦᠲᠡᠨ ᠤ ᠵᠢᠷᠤᠭ ᠳᠦᠷᠰᠦ ᠨᠢ ᠭᠠᠭᠴᠠᠭᠠᠷᠳᠠᠮᠠᠯ ᠪᠢᠰᠢ ᠪᠠᠶᠢᠵᠤ᠂ ᠮᠣᠩᠭᠤᠯ | ᠦᠨᠳᠦᠰᠦᠲᠡᠨ ᠤ ᠠᠷᠠᠳ ᠲᠦᠮᠡᠨ ᠤ ᠠᠮᠢᠳᠤᠷᠠᠯ ᠳᠤᠮᠳᠠᠬᠢ ᠥᠨᠴᠥᠭ ᠪᠤᠯᠤᠩ ᠪᠦᠬᠦᠨ ᠳᠤ ᠪᠠᠷᠤᠭ ᠴᠥᠮ ᠬᠡ | ᠤᠭᠠᠯᠵᠠᠲ᠋ᠠᠢ ᠪᠠᠶᠢᠳᠠᠭ᠃ | ︽ᠮᠠᠯᠵᠢᠬᠤ ᠣᠷᠣᠨ ᠤ ᠮᠣᠩᠭᠤᠯ ᠭᠡᠷ᠂ ᠬᠥᠬᠡᠬᠤᠲᠠ ᠶᠢᠨ ᠶᠡᠭᠡ ᠵᠣ᠂ ᠪᠠᠭ᠎ᠠ ᠵᠣ᠂ ᠬᠥᠬᠡᠬᠤᠲᠠ ᠶᠢᠨ ᠭᠠᠯᠲᠤ | ᠲᠡᠷᠭᠡᠨ ᠥᠷᠲᠡᠭᠡ᠂ ᠲᠦᠮᠡᠳ ᠪᠠᠷᠠᠭᠤᠨ ᠬᠤᠰᠢᠭᠤᠨ ᠤ ᠴᠡᠯᠡᠭᠡᠷ ᠲᠠᠯ᠎ᠠ ᠮᠦᠽᠧᠶ᠂ ᠪᠠᠰᠠ ᠵᠠᠷᠢᠮ ᠵᠣᠴᠢᠳ ᠤᠨ | ᠪᠠᠭᠤᠳᠠᠯ ᠳᠤ ᠪᠦᠷ ᠮᠠᠨ ᠤ ᠵᠢᠷᠤᠭᠰᠠᠨ ᠮᠣᠩᠭᠤᠯ ᠦᠨᠳᠦᠰᠦᠲᠡᠨ ᠤ ᠬᠡ ᠤᠭᠠᠯᠵᠠ ᠲᠠᠢ᠃ ᠯᠢᠦ ᠸᠧᠨ ᠴᠢᠤᠸᠠᠨ | ᠬᠡᠯᠡᠪᠡ᠃ | ︽ᠪᠢ ᠮᠣᠩᠭᠤᠯ ᠦᠨᠳᠦᠰᠦᠲᠡᠨ ᠤ ᠬᠡ ᠤᠭᠠᠯᠵᠠ ᠳᠤ ᠨᠢᠭᠡ ᠵᠦᠢᠯ ᠤᠨ ᠬᠡᠯᠡᠬᠦ ᠳᠤ ᠪᠡᠷᠬᠡ ᠭᠦᠨ ᠵᠤᠵᠠᠭᠠᠨ | ᠬᠠᠶᠢᠷ᠎ᠠ ᠰᠡᠳᠬᠢᠯᠭᠡ ᠲᠠᠢ᠂ ᠲᠡᠭᠦᠨ ᠢ ᠠᠯᠢ ᠴᠢᠳᠠᠬᠤ ᠪᠠᠷ ᠤᠯᠠᠮᠵᠢᠯᠠᠵᠤ᠂ ᠮᠣᠩᠭᠤᠯ ᠦᠨᠳᠦᠰᠦᠲᠡᠨ ᠤ ᠵᠢᠷᠤᠭ | ᠳᠦᠷᠰᠦ ᠶᠢ ᠤᠯᠠᠮᠵᠢᠯᠠᠨ ᠬᠥᠭᠵᠢᠭᠦᠯᠬᠦ ᠦᠢᠯᠡᠳᠦᠯᠭᠡᠵᠢᠭᠦᠯᠦᠭᠴᠢ ᠪᠣᠯᠤᠶ᠎ᠠ ᠭᠡᠵᠡᠢ︾ ᠭᠡᠵᠡᠢ᠃ | | | | | | | | |