ᠲᠦᠮᠡᠳ ᠵᠡᠭᠦᠨ ᠬᠤᠰᠢᠭᠤ 2024 ᠣᠨ ᠤ 1 - 11 ᠰᠠᠷ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ
ᠨᠡᠶᠢᠲᠡᠯᠡᠭᠰᠡᠨ ᠴᠠᠭ᠄
2024/12/1
    ᠨᠢᠭᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠪᠠᠶᠢᠳᠠᠯ    2024 ᠣᠨ ᠤ 1 - 11 ᠰᠠᠷ᠎ᠠ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 215961 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ ᠣᠷᠣᠯᠭ᠎ᠠ ᠶᠢᠨ ᠡᠭᠦᠷᠭᠡ 228634 ᠲᠦᠮᠡᠨ ᠲᠥᠭᠦᠷᠢᠭ ᠤᠨ 94.46% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ  ᠬᠤᠭᠤᠴᠠᠭ᠎ᠠ ᠠᠴᠠ 14389 ᠲᠦᠮᠡᠨ ᠲᠥᠭᠦᠷᠢᠭ ᠨᠡᠮᠡᠭᠳᠡᠵᠦ᠂ 7.14% ᠪᠠᠷ ᠨᠡᠮᠡᠭᠳᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ 189485 ᠲᠦᠮᠡᠨ ᠲᠥᠭᠦᠷᠢᠭ ᠢ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 87.74% ᠶᠢ ᠡᠵᠡᠯᠡᠪᠡ᠃ ᠭᠠᠶᠢᠯᠢ ᠶᠢᠨ ᠪᠤᠰᠤ ᠣᠷᠣᠯᠭ᠎ᠠ 26476 ᠲᠦᠮᠡᠨ ᠲᠥᠭᠦᠷᠢᠭ ᠢ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 12.26% ᠶᠢ ᠡᠵᠡᠯᠡᠪᠡ᠃      ᠦᠷᠡᠳᠡᠭ ᠨᠡᠮᠡᠭᠳᠡᠯ ᠤᠨ ᠭᠠᠶᠢᠯᠢ ᠨᠢ 84094 ᠳᠦᠮᠠᠨ ᠳᠦᠭᠦᠷᠢᠭ ᠲᠤ ᠬᠦᠷᠴᠦ᠂ ᠠᠲᠠᠯᠢ ᠬᠤᠭᠤᠴᠠᠭᠠᠨ ᠠᠴᠠ 3.23% ᠪᠠᠷ ᠨᠡᠮᠡᠭᠳᠡᠵᠡᠢ᠃    ᠬᠤᠶᠠᠷ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠪᠠᠶᠢᠳᠠᠯ    2024 ᠣᠨ ᠤ 1 - 11 ᠰᠠᠷ᠎ᠠ ᠶᠢᠨ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠨᠡᠶᠢᠲᠡ 433836 ᠲᠦᠮᠡᠨ ᠲᠥᠭᠦᠷᠢᠭ ᠢ ᠪᠡᠶᠡᠯᠡᠭᠦᠯᠵᠦ᠂ ᠭᠤᠤᠯᠳᠠᠯᠭ᠎ᠠ ᠲᠠᠢ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ᠄ ᠲᠠᠷᠢᠶᠠᠯᠠᠩ ᠣᠶ ᠰᠢᠭᠤᠶ ᠤᠰᠤᠨ ᠠᠰᠢᠭᠯᠠᠯᠲᠠ ᠶᠢᠨ ᠵᠠᠷᠤᠯᠭ᠎ᠠ 68183 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ  ᠬᠤᠭᠤᠴᠠᠭ᠎ᠠ‌ᠡᠴᠠ 6.88% ᠪᠠᠷ ᠪᠠᠭᠤᠷᠠᠪᠠ᠃ ᠰᠤᠷᠭᠠᠨ ᠬᠥᠮᠦᠵᠢᠯ ᠤᠨ ᠵᠠᠷᠤᠯᠭ᠎ᠠ 57509 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭ᠎ᠠ  ᠠᠴᠠ 13.78% ᠪᠠᠷ ᠨᠡᠮᠡᠭᠳᠡᠪᠡ᠃ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 87565 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ  ᠬᠤᠭᠤᠴᠠᠭ᠎ᠠ ᠠᠴᠠ 1.92% ᠢᠶᠠᠷ ᠨᠡᠮᠡᠭᠳᠡᠪᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 24276 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭ᠎ᠠ ᠠᠴᠠ 24.21% ᠪᠠᠷ ᠨᠡᠮᠡᠭᠳᠡᠪᠡ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号