ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠦᠷᠢᠨ ᠴᠢᠳᠠᠮᠵᠢᠲᠤ ᠺᠠᠷᠲ ᠤᠨ ᠲᠠᠪᠴᠠᠩ ᠢᠶᠠᠷ ᠳᠠᠮᠵᠢᠭᠤᠯᠤᠨ ᠨᠡᠶᠢᠲᠡ 46513 ᠲᠦᠮᠡᠨ ᠲᠥᠭᠦᠷᠢᠭ ᠤᠨ ᠨᠥᠬᠦᠪᠥᠷᠢ ᠲᠠᠷᠬᠠᠭᠠᠪᠠ
ᠨᠡᠶᠢᠲᠡᠯᠡᠭᠰᠡᠨ ᠴᠠᠭ᠄
2024/12/1
  2024 ᠣᠨ ᠤ 1 ᠰᠠᠷ᠎ᠠ ᠠᠴᠠ 11 ᠰᠠᠷ᠎ᠠ ᠪᠣᠯᠲᠠᠯ᠎ᠠ ᠲᠦᠮᠡᠳ ᠵᠡᠭᠦᠨ ᠬᠤᠰᠢᠭᠤ ᠪᠦᠷᠢᠨ ᠴᠢᠳᠠᠮᠵᠢᠲᠤ ᠺᠠᠷᠲ ᠢᠶᠠᠷ ᠳᠠᠮᠵᠢᠭᠤᠯᠤᠨ ᠨᠡᠶᠢᠲᠡ 4.6513 ᠳ᠋ᠦᠩᠰᠢᠭᠤᠷ ᠲᠥᠭᠦᠷᠢᠭ ᠤᠨ ᠨᠥᠬᠦᠪᠥᠷᠢ ᠣᠯᠭᠤᠵᠤ᠂ ᠨᠡᠶᠢᠲᠡ ᠵᠢᠷᠭᠤᠭᠠᠨ ᠬᠦᠷᠢᠶᠡᠨ ᠤ 26 ᠲᠥᠷᠥᠯ ᠤᠨ 30 ᠵᠦᠢᠯ ᠳᠤ ᠬᠤᠯᠪᠣᠭᠳᠠᠵᠠᠢ᠂ ᠡᠭᠦᠨ ᠳᠤ ᠲᠠᠷᠢᠶᠠᠯᠠᠩ ᠤᠨ ᠲᠥᠷᠥᠯ 1.4388 ᠳ᠋ᠦᠩᠰᠢᠭᠤᠷ ᠲᠥᠭᠦᠷᠢᠭ᠂ ᠣᠶ ᠰᠢᠭᠤᠶ ᠶᠢᠨ ᠲᠥᠷᠥᠯ 5.54 ᠲᠦᠮᠡᠨ ᠲᠥᠭᠦᠷᠢᠭ᠂ ᠲᠥᠯᠥᠪᠯᠡᠭᠡᠲᠦ ᠦᠷᠡᠵᠢᠯ ᠤᠨ ᠨᠥᠬᠦᠪᠥᠷᠢ 1006.09 ᠲᠦᠮᠡᠨ ᠲᠥᠭᠦᠷᠢᠭ᠂ ᠪᠥᠲᠥᠭᠡᠨ ᠪᠠᠶᠢᠭᠤᠯᠤᠯᠲᠠ ᠶᠢᠨ ᠲᠥᠷᠥᠯ 560.68 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠲᠥᠷᠥᠯ 2.7305 ᠳ᠋ᠦᠩᠰᠢᠭᠤᠷ ᠲᠥᠭᠦᠷᠢᠭ᠂ ᠴᠠᠯᠢᠩ ᠤᠨ ᠨᠥᠬᠦᠪᠥᠷᠢ ᠶᠢᠨ ᠲᠥᠷᠥᠯ 3247.30 ᠲᠦᠮᠡᠨ ᠲᠥᠭᠦᠷᠢᠭ ᠲᠤ ᠬᠦᠷᠴᠡᠶ᠃ ︽ᠪᠦᠷᠢᠨ ᠴᠢᠳᠠᠮᠵᠢᠲᠤ ᠺᠠᠷᠲ︾ ᠤᠨ ᠰᠢᠰᠲ᠋ᠧᠮ ᠪᠣᠯᠤᠨ ᠪᠤᠰᠤᠳ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠷ ᠳᠠᠮᠵᠢᠭᠤᠯᠤᠨ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠷᠭᠤᠭᠤᠯᠵᠤ᠂ ᠬᠠᠷᠢᠯᠴᠠᠨ ᠭᠡᠷᠡᠴᠢᠯᠡᠵᠦ᠂ ᠠᠷᠠᠳ ᠲᠤ ᠠᠰᠢᠭ ᠬᠦᠷᠲᠡᠭᠡᠬᠦ ᠨᠥᠬᠦᠪᠥᠷᠢ ᠣᠯᠭᠤᠬᠤ ᠪᠠᠷᠢᠮᠵᠢᠶ᠎ᠠ ᠵᠦᠶ ᠵᠣᠬᠢᠰᠲᠠᠶ᠂ ᠣᠨᠣᠪᠴᠢᠲᠠᠶ᠂ ᠴᠠᠭ ᠲᠤᠬᠠᠶ ᠳᠤᠨᠢ ᠪᠠᠶᠢᠬᠤ ᠶᠢ ᠦᠨᠡᠨᠬᠦ ᠪᠠᠲᠤᠯᠠᠵᠤ᠂ ᠪᠠᠯᠠ ᠮᠥᠩᠭᠦ ᠶᠢᠨ ᠲᠥᠪᠯᠡᠷᠡᠯ ᠤᠨ ᠦᠢᠯᠡᠳᠦᠯ ᠢ ᠪᠠᠳᠠᠷᠠᠭᠤᠯᠤᠨ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠶᠡᠬᠡᠪᠡᠷ ᠨᠡᠮᠡᠭᠳᠡᠭᠦᠯᠪᠡ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号