12 ᠰᠠᠷ᠎ᠠ ᠶᠢᠨ 9 ᠤ ᠡᠳᠦᠷ᠂ ᠲᠦᠮᠡᠳ ᠵᠡᠭᠦᠨ ᠬᠤᠰᠢᠭᠤᠨ ᠤ ᠤᠯᠠᠭᠠᠨᠬᠦᠦ ᠬᠡᠦᠬᠡᠳ ᠤᠨ ᠴᠡᠴᠡᠷᠯᠢᠭ ᠠᠴᠠ | ᠬᠡᠦᠬᠡᠳ ᠤᠳ ᠢ ᠵᠣᠬᠢᠶᠠᠨ ᠪᠠᠶᠢᠭᠤᠯᠵᠤ ᠲᠦᠮᠡᠳ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠣᠷᠳᠣᠨ ᠳᠤ ᠣᠴᠢᠭᠤᠯᠤᠨ ︽ᠰᠢᠨᠵᠢᠯᠡᠬᠦ ᠤᠬᠠᠭᠠᠨᠴᠢ ᠶᠢ ᠬᠠᠶᠢᠵᠤ᠂ ᠢᠷᠡᠭᠡᠳᠦᠶ ᠶᠢ ᠲᠦᠰᠦᠭᠡᠯᠡᠨ ᠪᠤᠳᠤᠬᠤ︾ | ᠭᠤᠤᠯ ᠰᠡᠳᠦᠪᠲᠦ ᠦᠢᠯᠡᠴᠢᠯᠡᠭᠡ ᠶᠢᠨ ᠠᠵᠢᠯᠯᠠᠭ᠎ᠠ ᠥᠷᠨᠢᠭᠦᠯᠪᠡ᠃ | ᠬᠡᠦᠬᠡᠳ ᠤᠳ ᠪᠠᠭᠰᠢ ᠶᠢᠨ ᠳᠠᠭᠠᠭᠤᠯᠭ᠎ᠠ ᠳᠣᠣᠷ᠎ᠠ᠂ ᠲᠡᠳᠡᠨ ᠤ ᠬᠠᠶᠢᠨ ᠰᠦᠪᠡᠭᠴᠢᠯᠡᠯᠳᠡ ᠶᠢᠨ ᠠᠶᠠᠯᠠᠯ ᠢᠶᠠᠨ | ᠡᠬᠢᠯᠡᠭᠦᠯᠵᠦ᠂ ᠲᠣᠭᠤᠷᠢᠨ ᠦᠵᠡᠬᠦ ᠶᠠᠪᠤᠴᠠ ᠳᠤ᠂ ᠬᠡᠦᠬᠡᠳ ᠤᠳ ᠰᠣᠨᠢᠷᠬᠠᠯᠲᠠᠢ ᠠᠵᠢᠭᠯᠠᠵᠤ᠂ ᠡᠯ᠎ᠡ ᠵᠦᠢᠯ ᠤᠨ | ᠰᠣᠨᠢᠷᠬᠠᠯᠲᠠᠢ ᠵᠠᠭᠪᠤᠷ ᠢ ᠬᠠᠶᠢᠨ ᠰᠦᠪᠡᠭᠴᠢᠯᠡᠵᠦ᠂ ᠪᠠᠶᠠᠷ ᠪᠠᠶᠠᠰᠬᠤᠯᠠᠩᠲᠤ ᠢᠨᠢᠶᠡᠮᠰᠦᠭᠯᠡᠯ ᠢᠶᠠᠷ ᠪᠢᠯᠬᠠᠨ᠎ᠠ᠃ | ᠰᠠᠨᠰᠠᠷ ᠤᠨ ᠠᠶᠠᠯᠠᠯ ᠤᠨ ᠦᠵᠡᠰᠬᠦᠯᠡᠩ ᠤᠨ ᠲᠣᠭᠤᠷᠢᠭ ᠢ ᠲᠣᠭᠤᠷᠢᠨ ᠦᠵᠡᠬᠦ ᠪᠠᠷ ᠳᠠᠮᠵᠢᠨ᠂ ᠬᠡᠦᠬᠡᠳ ᠤᠳ | ᠰᠠᠨᠰᠠᠷ ᠤᠨ ᠠᠶᠠᠯᠠᠯ ᠪᠣᠯᠣᠨ ᠰᠠᠨᠰᠠᠷ ᠤᠨ ᠠᠶᠠᠯᠠᠯ ᠤᠨ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠭᠠᠶᠢᠬᠠᠮᠰᠢᠭ ᠢ ᠰᠡᠷᠡᠵᠦ ᠮᠡᠳᠡᠪᠡ᠃ 5D ᠺᠢᠨᠣ᠋ ᠦᠵᠡᠬᠦ ᠪᠠᠷ ᠳᠠᠮᠵᠢᠭᠤᠯᠵᠤ᠂ ᠥᠪᠡᠷ ᠤᠨ | ᠪᠡᠶ᠎ᠡ ᠪᠠᠷ ᠢᠶᠠᠨ ᠣᠷᠣᠯᠴᠠᠬᠤ ᠵᠠᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠠᠪᠴᠢᠷᠠᠭᠰᠠᠨ ᠪᠠᠶᠢᠨ᠎ᠠ | ᠃ | ᠬᠡᠦᠬᠡᠳ ᠤᠨ ᠥᠨᠥᠳᠦᠷ ᠤᠨ ᠠᠵᠢᠯᠯᠠᠭ᠎ᠠ ᠪᠠᠷ ᠳᠠᠮᠵᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠤᠶᠢᠳᠠ | ᠰᠠᠶᠢᠬᠠᠨ ᠪᠠ ᠭᠠᠶᠢᠬᠠᠮᠰᠢᠭ ᠢ ᠮᠡᠳᠡᠷᠡᠭᠦᠯᠵᠦ᠂ ᠬᠡᠦᠬᠡᠳ ᠤᠳ ᠤᠨ ᠰᠢᠨᠵᠢᠯᠡᠬᠦ ᠤᠬᠠᠭᠠᠨ ᠰᠣᠶᠣᠯ ᠤᠨ ᠲᠤᠬᠠᠶ | ᠣᠶᠢᠯᠠᠭᠠᠯᠲᠠ ᠪᠠ ᠲᠠᠨᠢᠯᠲᠠ ᠶᠢ ᠳᠡᠭᠡᠭᠰᠢᠯᠡᠭᠦᠯᠦᠭᠰᠡᠨ ᠤ ᠬᠠᠮᠲᠤ ᠬᠡᠦᠬᠡᠳ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠤᠬᠠᠶ ᠭᠠᠶᠢᠬᠠᠮᠰᠢᠭᠲᠤ ᠰᠡᠳᠬᠢᠯᠭᠡ ᠶᠢ ᠬᠥᠭᠵᠢᠭᠡᠵᠦ᠂ ᠳᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ | ᠬᠤᠰᠢᠭᠤᠨ ᠤ ᠤᠯᠠᠭᠠᠨᠬᠦᠦ ᠬᠡᠦᠬᠡᠳ ᠤᠨ ᠴᠡᠴᠡᠷᠯᠢᠭ ᠡᠯᠪᠡᠭ ᠪᠠᠶᠠᠯᠢᠭ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ | ᠥᠷᠨᠢᠭᠦᠯᠵᠦ᠂ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠣᠯᠤᠨ᠎ᠠ᠃ | |