ᠤᠳᠤᠷ ᠪᠠᠭᠤᠳᠠᠯ
ᠨᠡᠶᠢᠲᠡᠯᠡᠭᠰᠡᠨ ᠴᠠᠭ᠄
2024/12/10
   ᠮᠤᠩᠭᠤᠯᠴᠤᠳ ᠤᠨ ᠵᠢᠯ ᠤᠨ ᠭᠤᠷᠪᠠᠨ ᠤᠯᠠᠷᠢᠯ ᠳᠤ ᠨᠡᠭᠦᠳᠡᠯᠯᠡᠨ ᠮᠠᠯᠵᠢᠭᠠᠳ᠂ ᠡᠪᠦᠯ ᠤᠨ ᠤᠯᠠᠷᠢᠯ ᠪᠤᠯᠬᠤ ᠳᠤ ᠡᠪᠦᠯᠵᠢᠶᠡᠨ ᠳᠡᠭᠡᠨ ᠬᠠᠷᠢᠵᠤ ᠡᠪᠦᠯᠵᠢᠳᠡᠭ ᠵᠠᠩᠰᠢᠯ ᠲᠠᠢ᠃ ᠬᠠᠪᠤᠷᠵᠢᠶ᠎ᠠ᠄ ᠤᠰᠤ ᠪᠡᠯᠴᠢᠭᠡᠷ ᠰᠠᠶᠢᠬᠠᠨ᠂ ᠬᠠᠪᠤᠷ ᠡᠷᠳᠡ ᠨᠤᠭᠤᠭ᠎ᠠ  ᠤᠷᠭᠤᠳᠠᠭ᠂ ᠨᠦᠮᠦᠷᠢ ᠡᠩᠬᠡᠷ ᠭᠠᠵᠠᠷ ᠢ ᠰᠤᠩᠭᠤᠨ ᠮᠤᠩᠭᠤᠯ ᠭᠡᠷ ᠢᠶᠠᠨ ᠪᠤᠰᠬᠠᠨ᠂ ᠳᠦᠭᠦᠮ ᠢᠶᠠᠷ ᠭᠦᠷᠢᠶ᠎ᠡ ᠬᠠᠰᠢᠶ᠎ᠠ ᠪᠠᠷᠢᠵᠤ ᠮᠠᠯᠵᠢᠳᠠᠭ᠃ ᠵᠤᠰᠠᠯᠠᠩ᠄ ᠤᠰᠤ ᠪᠡᠯᠴᠢᠭᠡᠷ ᠰᠠᠶᠢᠨ᠂ ᠦᠶᠡᠷ ᠤᠷᠤᠰᠬᠠᠯ ᠠᠴᠠ ᠵᠠᠶᠢᠯᠠᠰᠬᠢᠵᠤ᠂ ᠦᠨᠳᠦᠷ ᠳᠤᠪᠤᠷᠴᠠᠭ ᠭᠠᠵᠠᠷ ᠢ ᠰᠤᠩᠭᠤᠵᠤ ᠮᠤᠩᠭᠤᠯ ᠭᠡᠷ ᠢᠶᠠᠨ ᠪᠤᠰᠬᠠᠨ᠂ ᠳᠦᠭᠦᠮ ᠢᠶᠠᠷ ᠰᠡᠷᠢᠭᠦᠨ ᠰᠠᠷᠠᠪᠴᠢ ᠭᠦᠷᠢᠶ᠎ᠡ ᠪᠠᠷᠢᠵᠤ ᠵᠤᠰᠠᠳᠠᠭ᠃ ᠨᠠᠮᠤᠷᠵᠢᠶ᠎ᠠ᠄ ᠡᠪᠡᠰᠤ ᠪᠡᠯᠴᠢᠭᠡᠷ ᠰᠠᠶᠢᠷᠡᠭ᠂ ᠢᠯᠠᠭ᠎ᠠ ᠪᠠᠳᠠᠭᠠᠨ᠎ᠠ ᠴᠦᠭᠡᠨ ᠦᠨᠳᠦᠷᠯᠢᠭ ᠰᠡᠷᠢᠭᠦᠨ ᠭᠠᠵᠠᠷ ᠢ ᠰᠤᠩᠭᠤᠵᠤ ᠤᠳᠤᠷ ᠰᠠᠭᠤᠷᠢᠨ ᠪᠠᠶᠢᠭᠤᠯᠵᠤ ᠮᠠᠯᠵᠢᠳᠠᠭ᠃ ᠡᠪᠦᠯᠵᠢᠶ᠎ᠡ᠄ ᠤᠤᠯ ᠨᠢ ᠡᠪᠦᠯᠵᠢᠶ᠎ᠡ ᠳᠤ ᠭᠤᠤᠯᠳᠠᠭᠤ ᠪᠠᠶᠢᠰᠢᠩ ᠭᠡᠷ᠂ ᠪᠦᠮᠪᠦᠭᠡ ᠭᠡᠷ᠂ ᠬᠤᠷᠤᠭ᠎ᠠ ᠬᠠᠰᠢᠶ᠎ᠠ ᠲᠠᠢ ᠪᠠᠶᠢᠳᠠᠭ᠃ ᠭᠡᠷ ᠤᠨ ᠬᠤᠷᠤᠭ᠎ᠠ᠂ ᠦᠭᠡᠷ ᠤᠨ ᠬᠠᠰᠢᠶ᠎ᠠ᠂ ᠢᠮᠠᠭ᠎ᠠ ᠶᠢᠨ ᠬᠠᠰᠢᠶ᠎ᠠ᠂ ᠳᠤᠭᠤᠯ ᠤᠨ ᠬᠠᠰᠢᠶ᠎ᠠ᠂ ᠡᠪᠡᠰᠦᠨ ᠬᠠᠰᠢᠶ᠎ᠠ᠂ ᠮᠤᠷᠢ ᠡᠯᠵᠢᠭᠡᠨ ᠰᠠᠷᠠᠪᠴᠢ ᠵᠡᠷᠭᠡ ᠳᠦᠷᠦᠯ ᠳᠡᠰ ᠢᠶᠠᠷ ᠨᠢ ᠬᠤᠪᠢᠶᠠᠵᠤ ᠬᠤᠪᠢ ᠬᠤᠪᠢᠨ ᠳᠤᠨᠢ ᠠᠷᠠᠴᠢᠯᠠᠳᠠᠭ᠃ ᠬᠠᠪᠤᠷ ᠵᠤᠨ ᠨᠠᠮᠤᠷ ᠭᠤᠷᠪᠠᠨ ᠤᠯᠠᠷᠢᠯ ᠨᠡᠭᠦᠳᠡᠯᠯᠡᠨ ᠮᠠᠯᠵᠢᠳᠠᠭ ᠤᠨ ᠭᠤᠤᠯ ᠵᠤᠷᠢᠯᠭ᠎ᠠ ᠨᠢ ᠮᠠᠯ ᠢᠶᠠᠨ ᠳᠠᠷᠭᠤ ᠭᠦᠴᠦ ᠰᠠᠶᠢᠨ ᠠᠪᠤᠭᠤᠯᠵᠤ᠂ ᠤᠰᠤᠨ ᠳᠠᠷᠭᠤ᠂ ᠳᠤᠰᠤᠨ ᠳᠠᠷᠭᠤ ᠶᠢᠨ ᠰᠠᠭᠤᠷᠢ ᠶᠢ ᠰᠠᠶᠢᠨ ᠳᠠᠯᠪᠢᠵᠤ᠂ ᠡᠪᠦᠯᠵᠢᠶᠡᠨ ᠤ ᠪᠡᠯᠴᠢᠭᠡᠷ ᠡᠪᠡᠰᠤ ᠶᠢ ᠬᠠᠮᠠᠭᠠᠯᠠᠵᠤ ᠮᠠᠯ ᠢᠶᠠᠨ ᠰᠠᠶᠢᠨ  ᠲᠡᠵᠢᠭᠡᠵᠦ ᠦᠷᠡᠵᠢᠬᠦᠯᠬᠦ ᠶᠢᠨ ᠲᠦᠯᠦᠭᠡ ᠶᠤᠮ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号