ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠷᠤᠮᠵᠢᠭᠰᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠷ ᠴᠠᠬᠢᠯᠭᠠᠨ ᠴᠡᠨᠡᠭᠯᠡᠬᠦ ᠰᠦᠢᠳᠬᠡᠯ ᠬᠤᠷᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/13
    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠰᠦᠢᠳᠭᠡᠯ ᠬᠤᠷᠢᠶᠠᠬᠤ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠰᠦᠢᠳᠭᠡᠯ ᠬᠤᠷᠢᠶᠠᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠡᠵᠡᠩᠨᠡᠯᠲᠡ ᠶᠢᠨ ᠨᠢᠭᠡᠴᠡ᠂ ᠵᠢᠵᠢᠭ ᠲᠣᠭᠤᠷᠢᠭ ᠤᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃    ᠬᠤᠷᠠᠯ ᠠᠴᠠ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠯᠪᠠᠨ ᠲᠢᠩᠬᠢᠮ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠷ ᠴᠠᠬᠢᠯᠭᠠᠨ ᠴᠡᠨᠡᠭᠯᠡᠬᠦ ᠳᠤ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠤᠬᠠᠶ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠵᠠᠩ ᠵᠢᠶᠠᠨ ᠫᠢᠩ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠭᠰᠠᠨ ᠪᠥᠭᠡᠳ ᠦᠨ᠎ᠡ ᠬᠠᠩᠰᠢ ᠰᠦᠢᠳᠬᠡᠯ ᠬᠤᠷᠢᠶᠠᠬᠤ ᠲᠣᠭᠲᠠᠭᠠᠯ ᠤᠨ ᠲᠤᠬᠠᠶ ᠰᠠᠨᠠᠭᠤᠯᠤᠮᠵᠢ ᠪᠠ ᠲᠠᠶᠢᠯᠤᠮᠵᠢ ᠬᠢᠪᠠ᠃ ᠡᠯ᠎ᠡ ᠨᠢᠭᠡᠴᠡ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠨᠡ ᠬᠦ ᠠᠵᠢᠯ ᠤᠨ ᠳᠤᠮᠳᠠᠬᠢ ᠬᠦᠴᠢᠷ ᠠᠰᠠᠭᠤᠳᠠᠯ ᠤᠨ ᠲᠤᠬᠠᠶ ᠪᠣᠳᠣᠯ ᠪᠠ ᠰᠠᠨᠠᠭᠤᠯᠭ᠎ᠠ ᠳᠤᠷᠠᠳᠴᠤ᠂ ᠨᠡᠪᠲᠡᠷᠡᠯᠴᠡᠨ ᠰᠣᠯᠢᠯᠴᠠᠬᠤ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠳ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠷ ᠴᠠᠬᠢᠯᠭᠠᠨ ᠴᠡᠨᠡᠭᠯᠡᠬᠦ ᠳᠤ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠪᠡ᠃    ᠬᠤᠷᠠᠯ ᠠᠴᠠ᠂ ᠡᠯ᠎ᠡ ᠨᠢᠭᠡᠴᠡ ᠶᠢᠨ ᠬᠢᠨ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠴᠠᠬᠢᠯᠭᠠᠨ ᠴᠡᠨᠡᠭᠯᠡᠬᠦ ᠰᠦᠢᠳᠬᠡᠯ ᠬᠤᠷᠢᠶᠠᠬᠤ ᠠᠵᠢᠯᠯᠠᠭ᠎ᠠ ᠶᠢ ᠤᠬᠠᠮᠰᠠᠷ ᠠᠴᠠ ᠪᠠᠨ ᠵᠢᠷᠤᠮᠵᠢᠭᠤᠯᠬᠤ ᠬᠡᠷᠡᠭᠲᠡᠢ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠴᠠᠬᠢᠯᠭᠠᠨ ᠴᠡᠨᠡᠭᠯᠡᠬᠦ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠨ᠂ ᠢᠯᠡ ᠪᠠᠷ ᠦᠨ᠎ᠡ ᠬᠠᠳᠠᠵᠤ ᠵᠠᠷᠯᠠᠨ ᠨᠡᠶᠢᠲᠡᠯᠡᠬᠦ ᠶᠢ ᠨᠠᠶᠢᠳᠠᠪᠤᠷᠢᠵᠢᠭᠤᠯᠵᠤ᠂ ᠦᠨ᠎ᠡ ᠬᠠᠩᠰᠢ ᠶᠢ ᠰᠠᠯᠭᠠᠬᠤ ᠶᠢ ᠬᠡᠷᠡᠭᠵᠢᠭᠦᠯᠬᠦ ᠬᠡᠷᠡᠭᠲᠡᠶ᠃ ᠦᠨ᠎ᠡ ᠬᠠᠶᠠᠨ ᠪᠣᠳᠣᠬᠤ ᠠᠴᠠ ᠭᠠᠳᠠᠨ᠎ᠠ ᠦᠨ᠎ᠡ ᠨᠡᠮᠡᠵᠦ ᠲᠣᠳᠣᠷᠬᠠᠶᠢᠯᠠᠭᠰᠠᠨ ᠦᠭᠡᠢ ᠰᠦᠢᠳᠬᠡᠯ ᠬᠤᠷᠢᠶᠠᠵᠤ ᠪᠣᠯᠬᠤ ᠦᠭᠡᠢ᠂ ᠦᠨ᠎ᠡ ᠬᠠᠩᠰᠢ ᠶᠢᠨ ᠮᠡᠬᠡᠯᠡᠨ ᠬᠢᠬᠠᠬᠤ ᠵᠡᠷᠭᠡ ᠵᠦᠢ ᠪᠤᠰᠤ ᠦᠨ᠎ᠡ ᠬᠠᠩᠰᠢ ᠶᠢᠨ ᠠᠵᠢᠯᠯᠠᠭ᠎ᠠ ᠬᠢᠵᠦ ᠪᠣᠯᠬᠤ ᠦᠭᠡᠢ᠃    ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠣᠷᠳᠣᠨ ᠤ ᠦᠨ᠎ᠡ ᠬᠠᠩᠰᠢ ᠶᠢ ᠬᠡᠷᠡᠭᠵᠢᠭᠦᠯᠦᠭᠰᠡᠨ ᠥᠬᠡᠶ᠂ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠲᠡᠮᠳᠡᠭᠯᠡᠭᠰᠡᠨ ᠥᠬᠡᠶ ᠵᠡᠷᠭᠡ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠠᠤᠯᠢ ᠪᠤᠰᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号