ᠲᠦᠮᠡᠳ ᠵᠡᠭᠦᠨ ᠬᠤᠰᠢᠭᠤ ︽ᠤᠳᠬ᠎ᠠ ᠵᠣᠬᠢᠶᠠᠯ ᠤᠨ ᠵᠢᠭᠦᠷ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/16
    12 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠤᠳᠬ᠎ᠠ ᠤᠷᠠᠯᠢᠭ ᠤᠨ ᠬᠤᠯᠪᠣᠭ᠎ᠠ ᠨᠢ ᠲᠦᠮᠡᠳ ᠵᠡᠭᠦᠨ ᠬᠤᠰᠢᠭᠤᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ ᠳᠤ ︽ᠤᠳᠬ᠎ᠠ ᠵᠣᠬᠢᠶᠠᠯ ᠤᠨ ᠵᠢᠭᠦᠷ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠠᠵᠢᠯᠯᠠᠭ᠎ᠠ ᠥᠷᠨᠢᠭᠦᠯᠪᠡ᠃    ᠲᠤᠰ ᠠᠵᠢᠯᠯᠠᠭ᠎ᠠ ᠳᠤ ᠥᠪᠥᠷ ᠮᠣᠩᠭᠤᠯ ᠤᠨ ᠵᠣᠬᠢᠶᠠᠯᠴᠢᠳ ᠤᠨ ᠡᠪᠯᠡᠯ ᠤᠨ ᠳᠡᠳ᠋ ᠲᠡᠷᠢᠭᠦᠯᠡᠭᠴᠢ ᠰᠢᠤᠢ ᠲᠢᠩ ᠸᠠᠩ ᠢ ᠤᠷᠢᠵᠤ ︽ᠡᠵᠢ ᠶᠢᠨ ᠨᠠᠭᠤᠷ︾ ᠭᠡᠬᠦ ᠪᠦᠲᠦᠭᠡᠯ ᠢ ᠵᠣᠬᠢᠶᠠᠨ ᠪᠦᠲᠦᠭᠡᠭᠰᠡᠨ ᠶᠠᠪᠤᠴᠠ ᠨᠢ ᠬᠤᠪᠢᠶᠠᠯᠴᠠᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠮᠣᠩᠭᠤᠯ ᠦᠨᠳᠦᠰᠦᠲᠡᠨ ᠤ ︽ᠤᠯᠤᠰ ᠤᠨ ᠬᠡᠦᠬᠡᠳ︾ ᠢ ᠲᠡᠵᠢᠭᠡᠵᠦ ᠪᠤᠶᠢᠵᠢᠭᠤᠯᠤᠭᠰᠠᠨ ᠲᠡᠦᠬᠡ ᠶᠢᠨ ᠰᠠᠶᠢᠬᠠᠨ ᠦᠯᠢᠭᠡᠷ ᠢ ᠣᠶᠢᠯᠠᠭᠠᠭᠤᠯᠵᠤ᠂ ᠦᠯᠢᠭᠡᠷ ᠤᠨ ᠠᠷᠤ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠵᠣᠷᠢᠭ ᠰᠠᠨᠠᠭ᠎ᠠ ᠶᠢ ᠮᠡᠳᠡᠷᠡᠭᠦᠯᠪᠡ᠃    ᠲᠠᠷᠠᠭ᠎ᠠ ᠨᠢ᠂ ᠰᠢᠤᠢ ᠲᠢᠩ ᠸᠠᠩ ᠪᠠᠭᠰᠢ ᠪᠠᠰᠠ ᠲᠤᠬᠠᠢ ᠶᠢᠨ ᠲᠠᠯᠠᠪᠠᠢ ᠳᠤ ᠰᠤᠷᠤᠭᠴᠢᠳ ᠤᠨ ᠠᠰᠠᠭᠤᠯᠲᠠ ᠶᠢ ᠬᠠᠷᠢᠭᠤᠯᠤᠭᠰᠠᠨ ᠪᠥᠭᠡᠳ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ ᠳᠤ 60 ᠳᠡᠪᠲᠡᠷ ︽ᠡᠵᠢ ᠶᠢᠨ ᠨᠠᠭᠤᠷ︾ ᠭᠡᠬᠦ ᠪᠦᠲᠦᠭᠡᠯ ᠢᠶᠠᠨ ᠬᠠᠨᠳᠢᠪᠯᠠᠪᠠ᠃    ︽ᠤᠳᠬ᠎ᠠ ᠵᠣᠬᠢᠶᠠᠯ ᠤᠨ ᠵᠢᠭᠦᠷ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠨᠢ 2022 ᠣᠨ ᠠᠴᠠ ᠡᠬᠢᠯᠡᠨ᠂ ᠭᠤᠷᠪᠠᠨ ᠵᠢᠯ ᠤᠨ ᠲᠤᠷᠰᠢ ᠪᠦᠬᠦ ᠬᠤᠰᠢᠭᠤᠨ ᠤ 6 ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ᠂ 3000 ᠭᠠᠷᠤᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠪᠢᠳᠡᠨ ᠤ ᠤᠳᠬ᠎ᠠ ᠵᠣᠬᠢᠶᠠᠯ ᠤᠨ ᠲᠠᠶᠢᠯᠤᠮᠵᠢ ᠶᠢ ᠰᠣᠨᠣᠰᠴᠤ᠂ ᠪᠢᠳᠡᠨ ᠤ ᠤᠳᠬ᠎ᠠ ᠵᠣᠬᠢᠶᠠᠯ ᠤᠨ ᠠᠵᠢᠯᠯᠠᠭ᠎ᠠ ᠳᠤ ᠣᠷᠣᠯᠴᠠᠪᠠ᠃ ᠲᠤᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠪᠠᠭ᠎ᠠ ᠰᠤᠷᠭᠠᠭᠤᠯᠢ ᠶᠢᠨ ᠬᠡᠦᠬᠡᠳ ᠤᠨ ᠤᠳᠬ᠎ᠠ ᠵᠣᠬᠢᠶᠠᠯ ᠤᠨ ᠡᠬᠢ ᠪᠠᠶᠠᠯᠢᠭ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠬᠡᠦᠬᠡᠳ ᠢ ᠬᠠᠪᠰᠤᠷᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠴᠢᠩᠭᠠᠳᠬᠠᠬᠤ ᠳᠤ ᠠᠰᠢᠭᠲᠠᠢ ᠶᠤᠮ᠃ ᠳᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠤᠳᠬ᠎ᠠ ᠤᠷᠠᠯᠢᠭ ᠤᠨ ᠬᠤᠯᠪᠣᠭ᠎ᠠ ᠦᠷᠭᠦᠯᠵᠢᠯᠡᠨ ᠣᠯᠠᠨ ᠵᠦᠢᠯ ᠤᠨ ᠠᠵᠢᠯᠯᠠᠭ᠎ᠠ ᠥᠷᠨᠢᠭᠦᠯᠵᠦ᠂ ᠲᠦᠮᠡᠳ ᠵᠡᠭᠦᠨ ᠬᠤᠰᠢᠭᠤᠨ ᠤ ᠰᠣᠶᠣᠯ ᠤᠨ ᠬᠥᠭᠵᠢᠯ ᠴᠡᠴᠡᠭᠯᠡᠯ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠤᠳᠬ᠎ᠠ ᠤᠷᠠᠯᠢᠭ ᠤᠨ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号