ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠠᠷᠠᠳ ᠲᠦᠮᠡᠨ ᠢᠶᠠᠷ ᠭᠤᠤᠯ ᠪᠣᠯᠭᠠᠵᠤ᠂ ᠡᠳ᠋ ᠤᠨ ᠵᠠᠰᠠᠭ ᠦᠷᠭᠦᠯᠵᠢᠯᠡᠨ ᠬᠦᠴᠦᠯᠡᠵᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2024/12/17
    ᠠᠷᠠᠳ ᠲᠦᠮᠡᠨ ᠪᠣᠯ ᠦᠨᠳᠦᠰᠦ ᠪᠠᠶᠢᠵᠤ᠂ ᠵᠥᠪᠬᠡᠨ ᠦᠨᠳᠦᠰᠦ ᠪᠠᠲᠤ ᠪᠠᠶᠢᠪᠠᠯ ᠲᠥᠷᠥ ᠰᠠᠶ᠋ᠢ  ᠠᠮᠤᠷ ᠠᠮᠤᠭᠤᠯᠠᠩ ᠪᠠᠶᠢᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠪᠣᠯ ᠨᠢᠭᠡᠨ ᠰᠢᠰᠲ᠋ᠧᠮᠲᠦ ᠢᠨᠵᠧᠨᠧᠷᠢᠩ᠂ ᠤᠷᠳᠤ ᠬᠤᠭᠤᠴᠠᠭᠠᠨ ᠤ ᠢᠨᠵᠧᠨᠧᠷᠢᠩ ᠮᠥᠨ᠃ ᠡᠨᠡ ᠵᠢᠯ ᠠᠴᠠ ᠨᠠᠰᠢ᠂ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠬᠥᠭᠵᠢᠯᠲᠡ᠂ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ᠂ ᠭᠤᠣᠯᠳᠠᠯᠭ᠎ᠠ ᠲᠠᠢ ᠬᠥᠮᠦᠰ ᠤᠨ ᠠᠵᠢᠯ ᠣᠯᠵᠤ ᠦᠢᠯᠡᠰ ᠪᠤᠰᠬᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠯ᠎ᠡ ᠵᠦᠢᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃    ᠨᠢᠭᠡ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠳᠤ ᠦᠷᠭᠦᠯᠵᠢᠯᠡᠨ ᠬᠦᠴᠦᠯᠡᠬᠦ ᠬᠡᠷᠡᠭᠲᠡᠢ᠃    2024 ᠣᠨ ᠤ 1 ᠰᠠᠷ᠎ᠠ ᠠᠴᠠ 11 ᠰᠠᠷ᠎ᠠ ᠪᠣᠯᠲᠠᠯ᠎ᠠ ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 24.276 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 24.21 % ᠪᠠᠷ ᠨᠡᠮᠡᠭᠳᠡᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠰᠠᠭᠤᠷᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠳᠡᠮᠵᠢᠵᠦ᠂ ᠡᠮᠴᠢᠯᠡᠭᠡ ᠪᠠ ᠰᠡᠷᠭᠡᠶᠢᠯᠡᠯᠲᠡ ᠶᠢᠨ ᠠᠭᠤᠰᠤᠯᠴᠠᠯ ᠢ ᠠᠬᠢᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠯᠲᠡ ᠶᠢᠨ ᠲᠣᠤᠷ ᠢ ᠪᠠᠬᠢᠵᠢᠭᠦᠯᠪᠡ᠃ ᠤᠯᠤᠰ ᠠᠴᠠ ᠲᠣᠭᠲᠠᠭᠠᠭᠰᠠᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠢᠳᠡᠪᠬᠢᠲᠡᠶ ᠬᠡᠷᠡᠭᠵᠢᠭᠦᠯᠵᠦ᠂ ᠲᠥᠷᠥᠯ ᠵᠦᠢᠯ ᠤᠨ ᠠᠭᠤᠯᠭ᠎ᠠ ᠳᠤ ᠡᠷᠡᠭᠦᠯ ᠮᠡᠨᠳᠦ ᠶᠢᠨ ᠳᠠᠩᠰᠠ ᠡᠪᠬᠡᠮᠡᠯ᠂ ᠡᠷᠡᠭᠦᠯ ᠮᠡᠨᠳᠦ ᠶᠢᠨ ᠬᠥᠮᠦᠵᠢᠯ᠂ ᠰᠡᠷᠭᠡᠶᠢᠯᠡᠬᠦ ᠲᠠᠷᠢᠯᠭ᠎ᠠ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠬᠡᠦᠬᠡᠳ᠂ ᠨᠠᠰᠤᠲᠠᠶᠢᠴᠤᠳ ᠵᠢᠴᠢ ᠵᠢᠷᠮᠦᠰᠦᠨ ᠡᠮᠡᠭᠲᠡᠶ ᠶᠢᠨ ᠡᠷᠡᠭᠦᠯᠵᠢᠯ᠂ ᠴᠢᠰᠤᠨ ᠳᠠᠷᠤᠯᠲᠠ ᠥᠨᠳᠥᠷ ᠵᠡᠷᠭᠡ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ᠂ ᠬᠦᠨᠳᠦ ᠴᠢᠨᠠᠷᠲᠠᠶ ᠣᠶᠤᠨ ᠮᠡᠳᠡᠷᠡᠯ ᠤᠨ ᠡᠪᠡᠳᠴᠢᠨ ᠤ ᠬᠠᠮᠢᠶᠠᠷᠤᠯᠲᠠ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠪᠰᠤᠷᠤᠨ ᠬᠠᠮᠢᠶᠠᠷᠬᠤ ᠵᠡᠷᠭᠡ 14 ᠵᠦᠢᠯ ᠤᠨ ᠠᠵᠢᠯ ᠪᠠᠭᠲᠠᠨ᠎ᠠ᠃    ᠬᠤᠶᠠᠷ᠂ ᠨᠡᠶᠢᠭᠡᠮ ᠤᠨ ᠪᠠᠲᠤᠯᠠᠭ᠎ᠠ ᠶᠢᠨ ᠦᠢᠯᠡᠰ ᠲᠤ ᠦᠷᠭᠦᠯᠵᠢᠯᠡᠨ ᠬᠦᠴᠦᠯᠡᠬᠦ ᠬᠡᠷᠡᠭᠲᠡᠢ᠃    2024 ᠣᠨ ᠤ 1 - 11 ᠰᠠᠷ᠎ᠠ ᠶᠢᠨ ᠲᠦᠮᠡᠳ ᠵᠡᠭᠦᠨ ᠬᠤᠰᠢᠭᠤᠨ ᠤ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 8.7565 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.92% ᠢᠶᠠᠷ ᠨᠡᠮᠡᠭᠳᠡᠨ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠪᠠᠬᠢᠵᠢᠭᠦᠯᠵᠦ᠂ ᠣᠳᠣᠬᠠᠨ ᠤ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠬᠠᠷᠠᠭᠠᠯᠵᠠᠯ ᠤᠨ ᠬᠢᠷᠢ ᠲᠦᠪᠰᠢᠨ ᠪᠠ ᠡᠮ ᠡᠮᠨᠡᠯᠭᠡ ᠶᠢᠨ ᠪᠠᠲᠤᠯᠠᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠪᠠᠯᠠ ᠴᠤᠭᠯᠠᠭᠤᠯᠬᠤ ᠪᠠᠷᠢᠮᠵᠢᠶ᠎ᠠ ᠶᠢ ᠵᠦᠶ ᠵᠣᠬᠢᠰᠲᠠᠶ ᠳᠣᠭᠢᠷᠠᠭᠤᠯᠵᠤ᠂ 2024 ᠣᠨ ᠤ ᠬᠤᠰᠢᠭᠤ ᠱᠠᠲᠤᠨ ᠤ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠪᠠᠯᠠ ᠮᠥᠩᠭᠦ ᠶᠢ 585.62 ᠲᠦᠮᠡᠨ ᠲᠥᠭᠦᠷᠢᠭ ᠢᠵᠢ ᠪᠥᠷᠢᠳᠦᠭᠦᠯᠪᠡ᠃    ᠭᠤᠷᠪᠠ᠂ ᠠᠷᠠᠳ ᠤᠨ ᠠᠮᠢᠳᠤᠷᠠᠯ ᠢ ᠬᠠᠯᠠᠮᠵᠢᠯᠠᠬᠤ ᠢᠨᠵᠧᠨᠧᠷᠢᠩ ᠳᠤ ᠦᠷᠭᠦᠯᠵᠢᠯᠡᠨ ᠬᠦᠴᠦᠯᠡᠨ᠎ᠡ᠃    2024 ᠣᠨ ᠳᠤ ︽ᠳᠤᠯᠠᠭᠠᠯᠠᠭ᠎ᠠ ᠵᠣᠭᠰᠣᠭᠠᠪᠠᠯ ᠳᠠᠷᠤᠶ ᠠᠵᠢᠯ ᠡᠬᠢᠯᠡᠭᠦᠯᠬᠦ︾ ᠱᠠᠭᠠᠷᠳᠠᠯᠭ᠎ᠠ ᠶᠣᠰᠣᠭᠠᠷ᠂ ᠲᠦᠮᠡᠳ ᠵᠡᠭᠦᠨ ᠬᠤᠰᠢᠭᠤ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ  ᠠᠬᠢᠭᠤᠯᠪᠠ᠃ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠲᠦᠷᠭᠡᠳᠬᠡᠨ ᠪᠠᠶᠢᠭᠤᠯᠬᠤ ᠵᠠᠭᠪᠤᠷ ᠢ ᠪᠥᠬᠦ ᠬᠦᠴᠦᠨ ᠢᠶᠠᠷ ᠢᠶᠠᠨ ᠡᠬᠢᠯᠡᠭᠦᠯᠵᠦ᠂ ᠠᠷᠠᠳ ᠤᠨ ᠠᠮᠢᠳᠤᠷᠠᠯ ᠳᠤ ᠬᠤᠯᠪᠣᠭᠳᠠᠬᠤ ᠡᠨᠡ ᠬᠦ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠴᠤ ᠬᠠᠪᠰᠤᠷᠤᠨ ᠭᠦᠢᠴᠡᠳᠬᠡᠪᠡ᠃    ᠳᠥᠷᠪᠡ᠂ ᠠᠷᠠᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢ ᠦᠷᠭᠦᠯᠵᠢᠯᠡᠨ ᠬᠦᠴᠦᠯᠡᠨ᠎ᠡ᠃    2024 ᠣᠨ ᠤ 1 ᠰᠠᠷ᠎ᠠ ᠠᠴᠠ 11 ᠰᠠᠷ᠎ᠠ ᠪᠣᠯᠲᠠᠯ᠎ᠠ ᠲᠦᠮᠡᠳ ᠵᠡᠭᠦᠨ ᠬᠤᠰᠢᠭᠤ ᠪᠦᠷᠢᠨ ᠴᠢᠳᠠᠮᠵᠢᠲᠤ ᠺᠠᠷᠲ ᠢᠶᠠᠷ ᠳᠠᠮᠵᠢᠭᠤᠯᠤᠨ ᠨᠡᠶᠢᠲᠡ 4.6513 ᠳ᠋ᠦᠩᠰᠢᠭᠤᠷ ᠲᠥᠭᠦᠷᠢᠭ ᠤᠨ ᠨᠥᠬᠦᠪᠥᠷᠢ ᠣᠯᠭᠤᠵᠤ᠂ ᠨᠡᠶᠢᠲᠡ ᠵᠢᠷᠭᠤᠭᠠᠨ ᠬᠦᠷᠢᠶᠡᠨ ᠤ 26 ᠲᠥᠷᠥᠯ ᠤᠨ 30 ᠵᠦᠢᠯ ᠳᠤ ᠬᠤᠯᠪᠣᠭᠳᠠᠵᠠᠢ᠂ ᠡᠭᠦᠨ ᠳᠤ ᠲᠠᠷᠢᠶᠠᠯᠠᠩ ᠤᠨ ᠲᠥᠷᠥᠯ 1.4388 ᠳ᠋ᠦᠩᠰᠢᠭᠤᠷ ᠲᠥᠭᠦᠷᠢᠭ᠂ ᠣᠶ ᠰᠢᠭᠤᠶ ᠶᠢᠨ ᠲᠥᠷᠥᠯ 5.54 ᠲᠦᠮᠡᠨ ᠲᠥᠭᠦᠷᠢᠭ᠂ ᠲᠥᠯᠥᠪᠯᠡᠭᠡᠲᠦ ᠦᠷᠡᠵᠢᠯ ᠤᠨ ᠨᠥᠬᠦᠪᠥᠷᠢ 1006.09 ᠲᠦᠮᠡᠨ ᠲᠥᠭᠦᠷᠢᠭ᠂ ᠪᠥᠲᠥᠭᠡᠨ ᠪᠠᠶᠢᠭᠤᠯᠤᠯᠲᠠ ᠶᠢᠨ ᠲᠥᠷᠥᠯ 560.68 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠲᠥᠷᠥᠯ 2.7305 ᠳ᠋ᠦᠩᠰᠢᠭᠤᠷ ᠲᠥᠭᠦᠷᠢᠭ᠂ ᠴᠠᠯᠢᠩ ᠤᠨ ᠨᠥᠬᠦᠪᠥᠷᠢ ᠶᠢᠨ ᠲᠥᠷᠥᠯ 3247.30 ᠲᠦᠮᠡᠨ ᠲᠥᠭᠦᠷᠢᠭ ᠲᠤ ᠬᠦᠷᠴᠡᠶ᠃ ︽  ᠪᠦᠷᠢᠨ ᠴᠢᠳᠠᠪᠤᠷᠢᠲᠤ ᠺᠠᠷᠲ︾ ᠤᠨ ᠰᠢᠰᠲ᠋ᠧᠮ ᠪᠣᠯᠤᠨ ᠪᠤᠰᠤᠳ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠷ ᠳᠠᠮᠵᠢᠭᠤᠯᠤᠨ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠷᠭᠤᠭᠤᠯᠵᠤ᠂ ᠬᠠᠷᠢᠯᠴᠠᠨ ᠭᠡᠷᠡᠴᠢᠯᠡᠵᠦ᠂ ᠠᠷᠠᠳ ᠲᠤ ᠠᠰᠢᠭ ᠬᠦᠷᠲᠡᠭᠡᠬᠦ ᠨᠥᠬᠦᠪᠥᠷᠢ ᠣᠯᠭᠤᠬᠤ ᠪᠠᠷᠢᠮᠵᠢᠶ᠎ᠠ ᠵᠦᠶ ᠵᠣᠬᠢᠰᠲᠠᠶ᠂ ᠣᠨᠣᠪᠴᠢᠲᠠᠶ᠂ ᠴᠠᠭ ᠲᠤᠬᠠᠶ ᠳᠤᠨᠢ ᠪᠠᠶᠢᠬᠤ ᠶᠢ ᠦᠨᠡᠨᠬᠦ ᠪᠠᠲᠤᠯᠠᠵᠤ᠂ ᠪᠠᠯᠠ ᠮᠥᠩᠭᠦ ᠶᠢᠨ ᠲᠥᠪᠯᠡᠷᠡᠯ ᠤᠨ ᠦᠢᠯᠡᠳᠦᠯ ᠢ ᠪᠠᠳᠠᠷᠠᠭᠤᠯᠤᠨ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠶᠡᠬᠡᠪᠡᠷ ᠨᠡᠮᠡᠭᠳᠡᠭᠦᠯᠪᠡ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号