ᠲᠦᠮᠡᠳ ᠵᠡᠭᠦᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/19
    12 ᠰᠠᠷ᠎ᠠ ᠶᠢᠨ 18 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠴᠧᠨ ᠰᠢ ᠯᠧ ᠬᠤᠷᠠᠯ ᠢ ᠡᠷᠭᠢᠯᠡᠪᠡ᠃ ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ᠪᠥᠬᠦ ᠬᠤᠰᠢᠭᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠵᠠᠷᠯᠠᠯ ᠢ ᠰᠣᠨᠣᠰᠪᠠ ᠃ ᠬᠤᠯᠪᠣᠭᠳᠠᠯ ᠪᠥᠬᠦᠶ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠵᠦ ᠪᠠᠲᠤᠯᠠᠪᠠ ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠬᠠᠮᠢᠶ᠎ᠠ ᠪᠥᠬᠦᠶ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠪᠠᠶᠢᠩᠭᠤ ᠶᠢᠨ ᠭᠡᠰᠢᠭᠦᠳ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠦᠨᠵᠡᠭᠡᠢ ᠰᠤᠷᠤᠯᠴᠠᠨ ᠣᠶᠢᠯᠠᠭᠠᠬᠤ᠂ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠪᠠᠳᠠᠷᠠᠭᠤᠯᠬᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠡᠨᠡ ᠭᠤᠷᠪᠠᠨ ᠲᠠᠯ᠎ᠠ ᠠᠴᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠤᠨ ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠬᠤ ᠬᠡᠷᠡᠭᠲᠡᠢ ᠃ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢᠯᠠᠩᠭᠤᠶ᠎ᠠ ᠠᠵᠤ ᠠᠬᠤᠶᠢᠯᠠᠯᠲᠠᠨ ᠭᠡᠰᠢᠭᠦᠨ᠂ ᠲᠤᠰᠬᠠᠶ ᠮᠡᠷᠭᠡᠵᠢᠯᠲᠡᠨ ᠭᠡᠰᠢᠭᠦᠳ ᠤᠨ ᠠᠵᠢᠯ ᠤᠨ ᠪᠠᠶᠢᠷᠢ ᠳᠠᠭᠠᠨ ᠰᠠᠭᠤᠷᠢᠯᠠᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠬᠥᠭᠵᠢᠭᠡᠵᠦ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠴᠢᠨᠠᠷ ᠰᠠᠶᠢᠲᠠᠶ ᠬᠥᠭᠵᠢᠯᠲᠡ ᠶᠢᠨ ᠶᠡᠭᠡ ᠤᠷᠤᠰᠬᠠᠯ ᠳᠤ ᠢᠳᠡᠪᠬᠢᠲᠡᠶ ᠣᠷᠣᠯᠴᠠᠵᠤ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠪᠠ ᠲᠤᠰᠬᠠᠶ ᠮᠡᠷᠭᠡᠵᠢᠯ ᠤᠨ ᠣᠨᠴᠠ ᠴᠢᠳᠠᠪᠤᠷᠢ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠳᠤ ᠨᠠᠩ ᠰᠠᠶᠢᠨ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠡᠯ᠎ᠡ ᠪᠠᠶᠢᠩᠭᠤ ᠶᠢᠨ ᠭᠡᠰᠢᠭᠦᠨ᠂ ᠭᠡᠰᠢᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠤᠨ ᠡᠬᠢᠨ ᠤ ᠠᠵᠢᠯ ᠤᠨ ᠭᠤᠤᠯᠳᠠᠯᠭ᠎ᠠ ᠲᠠᠢ ᠪᠠᠨ ᠬᠠᠷᠢᠴᠠᠭᠤᠯᠤᠨ᠂ ᠠᠵᠢᠯ ᠤᠨ ᠠᠬᠢᠴᠠ ᠶᠢᠨ ᠪᠠᠶᠢᠳᠠᠯ ᠢᠶᠠᠨ ᠨᠠᠷᠢᠨ ᠬᠢᠨᠠᠮᠠᠭᠠᠶ ᠡᠮᠬᠢᠯᠡᠵᠦ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠬᠤᠶᠢᠰᠢᠳᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠲᠠᠯ᠎ᠠ ᠶᠢᠨ ᠬᠦᠴᠦᠨ ᠢ ᠪᠦᠯᠬᠦᠮᠳᠡᠭᠦᠯᠦᠨ᠂ ᠬᠠᠮᠲᠤ ᠶᠢᠨ ᠣᠶᠤᠨ ᠤᠬᠠᠭᠠᠨ ᠢ ᠭᠦᠢᠴᠡᠳ ᠪᠠᠳᠠᠷᠠᠭᠤᠯᠵᠤ᠂ ᠦᠵᠡᠯ ᠰᠠᠨᠠᠭᠠᠨ ᠤ ᠲᠠᠯ᠎ᠠ ᠪᠠᠷ ᠰᠡᠳᠬᠢᠯ ᠢᠶᠠᠨ ᠨᠢᠭᠡᠳᠬᠡᠬᠦ᠂ ᠠᠵᠢᠯ ᠤᠨ ᠲᠠᠯ᠎ᠠ ᠪᠠᠷ ᠬᠦᠴᠦ ᠪᠠᠨ ᠬᠠᠮᠲᠤᠳᠬᠠᠬᠤ᠂ ᠠᠵᠢᠯᠯᠠᠭ᠎ᠠ ᠶᠢᠨ ᠲᠠᠯ᠎ᠠ ᠪᠠᠷ ᠬᠠᠮᠲᠤᠷᠠᠯᠴᠠᠬᠤ ᠶᠢ ᠦᠨᠡᠨ ᠬᠦ ᠪᠠᠲᠤᠯᠠᠵᠤ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠠᠰᠤᠷᠠᠯᠲᠠ ᠥᠬᠡᠶ ᠴᠢᠩᠭᠠᠳᠬᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠷᠭᠦᠯᠵᠢᠯᠡᠨ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠶ᠃    ᠬᠤᠰᠢᠭᠤᠨ ᠤ ᠤᠳᠤᠷᠢᠳᠤᠯᠭ᠎ᠠ ᠭᠧ ᠶᠢᠨ ᠯᠢᠩ᠂ ᠪᠠᠢ ᠯᠢ ᠢᠦᠢ᠂ ᠸᠠᠩ ᠱᠦ ᠶᠠ᠂ ᠬᠠᠳᠠ᠂ ᠵᠠᠩ ᠶᠣᠣ ᠬᠤᠸᠠ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠤᠯᠤᠰ ᠲᠥᠷᠥ ᠶᠢᠨ ᠵᠥᠪᠯᠡᠯᠭᠡᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号