ᠪᠠᠶ ᠮᠢᠶᠣᠣ ᠽᠢ ᠪᠠᠯᠭᠠᠰᠤᠨ ᠤ ᠮᠠᠭᠤᠬᠦᠦ ᠲᠣᠰᠬᠤᠨ᠄ ᠵᠣᠯ ᠵᠢᠷᠭᠠᠯ ᠤᠨ ᠵᠠᠮ ᠢ ᠬᠠᠮᠲᠤ ᠪᠠᠷ ᠴᠣᠭᠴᠠᠯᠠᠵᠤ ᠬᠥᠮᠦᠰ ᠤᠨ ᠰᠡᠳᠬᠢᠯ ᠢ ᠳᠤᠯᠠᠭᠠᠴᠠᠭᠤᠯᠵᠤ᠂  ᠠᠷᠠᠳ ᠡᠴᠠ‌‍ᠲ᠋ᠠᠯᠠᠷᠬᠠᠯ ᠤᠨ ᠲᠤᠭ ᠬᠦᠷᠭᠡᠪᠡ
ᠨᠡᠶᠢᠲᠡᠯᠡᠭᠰᠡᠨ ᠴᠠᠭ᠄
2024/12/2
    ᠤᠶᠢᠷ᠎ᠠ ᠳᠤ᠂ ᠪᠠᠶ ᠮᠢᠶᠣᠣ ᠽᠢ ᠪᠠᠯᠭᠠᠰᠤᠨ ᠤ ᠮᠠᠭᠤᠬᠦᠦ ᠲᠣᠰᠬᠤᠨ ᠳᠤ ᠨᠢᠭᠡ ᠪᠠᠶᠠᠷ ᠤᠨ ᠶᠠᠪᠤᠳᠠᠯ ᠢ ᠤᠭᠲᠤᠨ ᠠᠪᠴᠢᠷᠠᠪᠠ᠃ ᠲᠣᠰᠬᠤᠨ ᠤ ᠠᠷᠠᠳ ᠤᠨ ᠰᠠᠶᠢᠨ ᠳᠤᠷ᠎ᠠ ᠠᠴᠠ ᠪᠠᠨ ᠪᠠᠯᠠ ᠴᠤᠭᠯᠠᠭᠤᠯᠵᠤ ᠪᠠᠶᠢᠭᠤᠯᠤᠭᠰᠠᠨ ᠵᠠᠮ ᠤᠷᠤᠭᠰᠢᠲᠠᠶ ᠳᠠᠭᠤᠰᠴᠤ᠂ ︽ᠰᠢᠷᠣᠶ ᠶᠢᠨ ᠵᠠᠮ ᠨᠢ ᠰᠢᠨ᠎ᠡ ᠳᠦᠷᠰᠦ ᠪᠠᠶᠢᠳᠠᠯ ᠲᠠᠢ ᠪᠣᠯᠵᠤ︾᠂ ᠲᠣᠰᠬᠤᠨ ᠤ ᠠᠷᠠᠳ ᠤᠨ ᠶᠠᠪᠤᠵᠤ ᠰᠠᠭᠤᠬᠤ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠨᠠᠩ ᠮᠠᠭᠤᠬᠦᠦ ᠲᠣᠰᠬᠤᠨ ᠤ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃    ᠪᠠᠶ ᠮᠢᠶᠣᠣ ᠽᠢ ᠪᠠᠯᠭᠠᠰᠤᠨ ᠤ ᠮᠠᠭᠤᠬᠦᠦ ᠠᠶᠢᠯ ᠬᠢᠭᠡᠳ ᠲᠠᠶᠢᠭ᠎ᠠ ᠮᠣᠳᠤ ᠪᠠᠯᠭᠠᠰᠤᠨ ᠤ ᠰᠢᠶᠣᠤ ᠬᠤᠩ ᠶᠢᠨ ᠲᠣᠰᠬᠤᠨ ᠲᠠᠢ ᠵᠠᠬ᠎ᠠ ᠨᠡᠶᠢᠯᠡᠵᠦ ᠪᠠᠶᠢᠭᠰᠠᠨ ᠬᠡᠰᠡᠭ ᠵᠠᠮ ᠤᠳᠠᠭᠠᠨ ᠵᠢᠯ ᠵᠠᠰᠠᠭᠰᠠᠨ ᠦᠭᠡᠢ᠂ ᠵᠠᠮ ᠤᠨ ᠭᠠᠳᠠᠷᠭᠤ ᠬᠦᠨᠳᠦ ᠨᠣᠴᠢᠲᠠᠢ ᠡᠪᠳᠡᠭᠳᠡᠵᠦ᠂ ᠡᠷᠭᠢᠨ ᠲᠣᠭᠤᠷᠢᠨ ᠤ ᠳᠣᠯᠤᠭ᠎ᠠ᠂ ᠨᠠᠢᠮᠠᠨ ᠲᠣᠰᠬᠤᠨ ᠤ ᠠᠷᠠᠳ ᠤᠨ ᠡᠳᠦᠷ ᠲᠤᠲᠤᠮ ᠤᠨ ᠶᠠᠪᠤᠵᠤ ᠰᠠᠭᠤᠬᠤ ᠳᠤ ᠳᠥᠭᠦᠮ ᠦᠭᠡᠢ ᠪᠣᠯᠪᠠ᠃ ᠢᠯᠠᠩᠭᠤᠶ᠎ᠠ ᠪᠣᠷᠣᠭᠠᠨ ᠤ ᠤᠯᠠᠷᠢᠯ ᠳᠤ᠂ ᠵᠠᠮ ᠰᠢᠪᠠᠷ ᠱᠠᠯᠴᠢᠭ᠂ ᠳᠤᠭᠤᠶ ᠲᠡᠷᠭᠡ ᠨᠡᠪᠲᠡᠷᠡᠬᠦ ᠳᠤ ᠬᠦᠴᠢᠷᠲᠡᠶ ᠪᠠᠶᠢᠵᠤ᠂ ᠲᠣᠰᠬᠤᠨ ᠤ ᠠᠷᠠᠳ ᠤᠨ ᠦᠢᠯᠡᠳᠪᠦᠷᠢᠯᠡᠯ ᠪᠠ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠪᠡ᠃ ᠭᠠᠳᠠᠭᠰᠢ ᠭᠠᠷᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ ᠥᠩᠭᠡᠷᠡᠭᠰᠡᠨ ᠤ ︽ᠪᠤᠬᠢᠨᠢᠳᠤᠯ︾ ᠢ ᠥᠨᠥᠳᠦᠷ ᠤᠨ ︽ᠵᠣᠯ ᠵᠢᠷᠭᠠᠯ ᠤᠨ ᠵᠠᠮ︾ ᠪᠣᠯᠭᠠᠵᠤ᠂ ᠮᠠᠭᠤᠬᠦᠦ ᠲᠣᠰᠬᠤᠨ ᠤ ᠠᠷᠠᠳ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ 10 ᠭᠠᠷᠤᠶ ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠤᠨ ᠵᠠᠮ ᠲᠡᠭᠰᠢᠯᠡᠬᠦ ᠳᠤ ᠬᠡᠷᠡᠭᠯᠡᠵᠦ᠂ ᠭᠡᠪᠡᠴᠦ ᠰᠡᠯᠪᠢᠨ ᠵᠠᠰᠠᠬᠤ ᠶᠠᠪᠤᠴᠠ ᠳᠤ ᠬᠥᠷᠰᠢ ᠲᠣᠰᠬᠤᠨ ᠲᠠᠢ ᠵᠥᠷᠢᠴᠡᠯ ᠵᠢᠭᠤᠷᠠᠯᠳᠤᠭᠠᠨ ᠭᠠᠷᠪᠠ᠃ ᠪᠠᠶ ᠮᠢᠶᠣᠣ ᠽᠢ ᠪᠠᠯᠭᠠᠰᠤᠨ ᠤ ᠵᠠᠰᠠᠭ ᠤᠨ ᠣᠷᠳᠣᠨ ᠪᠣᠯᠤᠨ ᠲᠠᠶᠢᠭ᠎ᠠ ᠮᠣᠳᠤ ᠪᠠᠯᠭᠠᠰᠤᠨ ᠤ ᠵᠠᠰᠠᠭ ᠤᠨ ᠣᠷᠳᠣᠨ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠦᠴᠦᠲᠡᠶ ᠵᠣᠬᠢᠴᠠᠭᠤᠯᠭ᠎ᠠ ᠳᠡᠮᠵᠢᠯᠭᠡ ᠳᠣᠤᠷ᠎ᠠ᠂ ᠬᠤᠶᠠᠷ ᠲᠣᠰᠬᠤᠨ ᠤ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠰᠢᠨ᠎ᠡ ᠳᠦᠷᠰᠦ ᠪᠠᠶᠢᠳᠠᠯ ᠲᠠᠢ ᠪᠣᠯᠭᠠᠪᠠ᠃    ᠤᠴᠢᠷ ᠶᠠᠪᠤᠳᠠᠯ ᠢ ᠠᠮᠵᠢᠯᠲᠠ ᠲᠠᠢ  ᠰᠢᠢᠳᠪᠦᠷᠢᠯᠡᠭᠰᠡᠨ ᠤ ᠳᠠᠷᠠᠭ᠎ᠠ᠂ 11 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠮᠠᠭᠤᠬᠦᠦ ᠲᠣᠰᠬᠤᠨ ᠤ ᠠᠷᠠᠳ ᠢᠷᠡᠵᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠣᠣ ᠪᠥᠸᠧ ᠳᠤ ︽ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠵᠦ᠂ ᠠᠷᠢᠭᠤᠨ ᠴᠢᠬᠡᠴᠢ ᠪᠠᠷ ᠠᠯᠪᠠᠨ ᠳᠤ ᠵᠢᠳᠬᠦᠬᠦ︾ ᠬᠡᠮᠡᠷᠯᠢᠭ ᠲᠤᠭ ᠬᠦᠷᠭᠡᠵᠦ᠂ ᠣᠯᠠᠨ ᠲᠦᠮᠡᠨ ᠤ ᠬᠦᠴᠢᠷ ᠠᠰᠠᠭᠤᠳᠠᠯ ᠢ  ᠰᠢᠢᠳᠪᠦᠷᠢᠯᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠡᠮᠡᠷᠯᠢᠭ ᠲᠤᠭ ᠤᠨ ᠠᠷᠤ ᠳᠤ ᠲᠣᠩ ᠣᠯᠠᠨ ᠬᠦᠴᠦᠨ ᠴᠢᠳᠠᠯ ᠪᠠᠢᠳᠠᠭ᠂ ᠲᠡᠷᠡ ᠨᠢ ᠢᠷᠠᠭᠤ ᠠᠯᠳᠠᠷ ᠢ ᠠᠴᠢᠶᠠᠯᠠᠵᠤ᠂ ᠨᠡᠩ ᠬᠠᠷᠢᠭᠤᠴᠠᠯᠭ᠎ᠠ ᠳᠦᠭᠦᠷᠴᠦ᠂ ᠲᠠᠯᠠᠷᠬᠠᠯ ᠢᠶᠠᠨ ᠳᠠᠮᠵᠢᠭᠤᠯᠵᠤ᠂ ᠨᠡᠩ ᠢᠯᠡᠭᠦᠦ ᠬᠦᠰᠡᠯ ᠡᠷᠡᠮᠡᠯᠵᠡᠯ ᠢᠶᠠᠨ ᠢᠯᠡᠳᠭᠡᠵᠡᠢ᠃ ᠲᠣᠰᠬᠤᠨ ᠤ ᠨᠠᠮ ᠤᠨ ᠡᠭᠦᠷ ᠤᠨ ᠱᠦᠵᠢ ᠵᠤᠤ ᠪᠥᠸᠧ ᠰᠡᠳᠬᠢᠯ ᠳᠣᠭᠳᠣᠯᠣᠨ ᠬᠡᠯᠡᠭᠰᠡᠨ ᠨᠢ᠄ ︽ᠵᠠᠮ ᠵᠠᠰᠠᠬᠤ ᠶᠠᠪᠤᠴᠠ ᠳᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠤᠤ ᠪᠥᠸᠧ ᠲᠡᠷᠡ ᠳᠠᠷᠤᠶ ᠳᠤᠨᠢ ᠮᠠᠨ ᠤ ᠲᠠᠶᠢᠭ᠎ᠠ ᠮᠣᠳᠤ ᠪᠠᠯᠭᠠᠰᠤ᠂ ᠬᠤᠰᠢᠭᠤᠨ ᠤ ᠵᠠᠰᠠᠭ ᠤᠨ ᠣᠷᠳᠣᠨ ᠲᠠᠢ ᠵᠣᠬᠢᠴᠠᠭᠤᠯᠤᠨ ᠨᠡᠪᠲᠡᠷᠡᠯᠴᠡᠵᠦ᠂ ᠢᠮᠠᠭᠲᠠ ᠠᠷᠠᠳ ᠤᠯᠠᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠤᠯᠠᠨ ᠤᠳᠠᠭ᠎ᠠ ᠭᠠᠴᠠᠭ᠎ᠠ ᠲᠣᠰᠬᠤᠨ ᠳᠤ ᠬᠦᠷᠴᠦ᠂ ᠤᠯᠠᠨ ᠤᠳᠠᠭ᠎ᠠ ᠬᠠᠯᠠᠰᠢᠷᠠᠯ ᠦᠭᠡᠢ ᠨᠡᠪᠲᠡᠷᠡᠯᠴᠡᠬᠦ ᠪᠠᠷ ᠳᠠᠮᠵᠢᠨ᠂ ᠪᠢᠳᠡᠨ ᠳᠤ ᠲᠦᠢᠯ ᠤᠨ ᠶᠡᠭᠡ ᠬᠠᠯᠠᠮᠵᠢᠯᠠᠯ ᠪᠠ ᠳᠡᠮᠵᠢᠯᠭᠡ ᠦᠵᠡᠭᠦᠯᠵᠦ᠂ ᠡᠨᠡ ᠬᠦ ᠵᠠᠮ ᠢ ᠤᠷᠤᠭᠰᠢᠲᠠᠶ ᠰᠡᠯᠪᠢᠨ ᠵᠠᠰᠠᠵᠤ ᠳᠠᠭᠤᠰᠬᠠᠭᠠᠳ᠂ ᠮᠠᠨ ᠤ ᠶᠠᠪᠤᠵᠤ ᠰᠠᠭᠤᠬᠤ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠲᠣᠰᠬᠤᠨ ᠤ ᠠᠷᠠᠳ ᠲᠣᠰᠬᠤᠨ ᠳᠤ ᠣᠷᠣᠵᠤ ᠭᠠᠷᠬᠤ ᠳᠤ ᠠᠮᠤᠷ ᠲᠦᠪᠰᠢᠨ ᠵᠠᠮ᠂ ᠰᠠᠨᠠᠭ᠎ᠠ ᠠᠮᠤᠷ ᠵᠠᠮ ᠬᠡᠷᠡᠭᠯᠡᠵᠦ ᠪᠣᠯᠤᠨ᠎ᠠ᠂ ᠮᠠᠨ ᠤ ᠪᠦᠬᠦ ᠲᠣᠰᠬᠤᠨ ᠤ ᠠᠷᠠᠳ ᠲᠣᠰᠬᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠪᠰᠤᠷᠤᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕︾ ᠭᠡᠪᠡ᠃ ᠬᠡᠮᠡᠷᠯᠢᠭ ᠲᠤᠭ ᠪᠣᠯ ᠨᠤᠲᠠᠯᠠᠭᠰᠠᠨ ᠪᠥᠭᠡᠳ ᠰᠢᠮᠳᠠᠭᠤᠯᠬᠤ ᠶᠠᠪᠤᠳᠠᠯ ᠪᠣᠯᠤᠨ᠎ᠠ᠃ ᠵᠠᠯᠭᠠᠭᠠᠳ᠂ ᠪᠠᠶ ᠮᠢᠶᠣᠣ ᠽᠢ ᠪᠠᠯᠭᠠᠰᠤ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠢ ᠰᠡᠳᠬᠢᠯ ᠳᠡᠯᠪᠢᠨ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠵᠡᠷᠭᠡ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠵᠦ᠂ ︽ᠠᠷᠠᠳ ᠤᠨ ᠠᠮᠢᠳᠤᠷᠠᠯ ᠤᠨ ᠪᠠᠭ᠎ᠠ ᠶᠠᠪᠤᠳᠠᠯ︾ ᠢ ᠦᠨᠡᠨ ᠬᠦ ︽ᠠᠷᠠᠳ ᠲᠤ ᠠᠰᠢᠭ ᠬᠦᠷᠲᠡᠭᠡᠬᠦ︾ ᠶᠡᠭᠡ ᠶᠠᠪᠤᠳᠠᠯ ᠪᠣᠯᠭᠠᠨ ᠡᠷᠭᠢᠯᠡᠬᠦ ᠪᠣᠯᠤᠨ᠎ᠠ᠃
 
ᠢᠷᠡᠯᠲᠡ᠄ ᠪᠠᠶ ᠮᠢᠶᠣᠣ ᠽᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号