ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2024 ᠣᠨ ᠤ ᠢᠳᠡᠭᠡᠨ ᠤ ᠠᠮᠤᠷ ᠲᠦᠪᠰᠢᠨ ᠢ ᠰᠤᠭᠤᠴᠢᠨ ᠪᠠᠶᠢᠴᠠᠭᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/12/2
    ᠡᠨᠡ ᠵᠢᠯ ᠠᠴᠠ ᠨᠠᠭᠠᠰᠢ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠪᠠᠶᠢᠳᠠᠯ ᠳᠤ ᠰᠠᠭᠤᠷᠢᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠢᠳᠡᠪᠬᠢᠲᠡᠶ ᠥᠷᠨᠢᠭᠦᠯᠵᠦ᠂ ᠣᠲᠣ ᠨᠢᠭᠡᠨᠲᠡ ᠪᠥᠬᠦ ᠵᠢᠯ ᠤᠨ ᠰᠤᠭᠤᠴᠢᠨ ᠪᠠᠶᠢᠴᠠᠭᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃    2024 ᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠨᠢ ᠬᠠᠷᠢᠶ᠎ᠠ ᠣᠷᠣᠨ ᠤ ᠪᠠᠨ ᠡᠯ᠎ᠡ ᠲᠣᠮᠣ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠨᠢᠭᠡᠴᠢ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠬᠠᠮᠤᠷᠴᠤ᠂ ᠰᠤᠭᠤᠴᠢᠨ ᠪᠠᠶᠢᠴᠠᠭᠠᠬᠤ ᠲᠥᠷᠥᠯ ᠵᠦᠢᠯ ᠳᠤ ᠠᠮᠤ ᠪᠤᠳᠠᠭ᠎ᠠ ᠡᠳ᠋ᠰᠢᠭᠦᠯᠬᠦ ᠦᠢᠯᠡᠳᠭᠦᠨ᠂ ᠢᠳᠡᠭᠡᠨ ᠤ ᠲᠣᠰᠣ᠂ ᠴᠠᠭᠠᠨ ᠢᠳᠡᠭᠡ᠂ ᠮᠢᠬᠠᠨ ᠤ  ᠵᠦᠢᠯ᠂ ᠢᠳᠡᠰᠢᠨ ᠨᠣᠭᠤᠭ᠎ᠠ᠂ ᠵᠢᠮᠢᠰ ᠵᠡᠷᠭᠡ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠢᠳᠡᠭᠡᠨ ᠢ ᠪᠠᠭᠲᠠᠭᠠᠨ᠎ᠠ᠃ ᠰᠤᠭᠤᠴᠢᠨ ᠪᠠᠶᠢᠴᠠᠭᠠᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠪᠠ ᠲᠥᠪ ᠭᠤᠤᠯᠴᠢ ᠴᠢᠨᠠᠷ ᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠤᠷᠢᠳᠴᠢᠯᠠᠨ ᠲᠣᠭᠲᠠᠭᠠᠵᠤ᠂ ᠰᠤᠭᠤᠴᠢᠨ ᠪᠠᠶᠢᠴᠠᠭᠠᠬᠤ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠲᠥᠷᠥᠯ ᠵᠦᠢᠯ ᠪᠠ ᠭᠤᠤᠯᠳᠠᠯᠭ᠎ᠠ ᠲᠠᠢ ᠲᠥᠷᠥᠯ ᠵᠦᠢᠯ ᠢ ᠲᠣᠳᠣᠷᠬᠠᠶᠢᠯᠠᠪᠠ᠃ ᠰᠤᠭᠤᠴᠢᠨ ᠪᠠᠶᠢᠴᠠᠭᠠᠬᠤ ᠶᠠᠪᠤᠴᠠ ᠳᠤ᠂ ᠬᠢᠨᠠᠨ ᠬᠠᠮᠢᠶᠠᠷᠬᠤ ᠠᠵᠢᠯᠲᠠᠨ ᠰᠤᠭᠤᠴᠢᠨ ᠪᠠᠶᠢᠴᠠᠭᠠᠬᠤ ᠳᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠦᠯᠢᠭᠡᠷ ᠠᠪᠬᠤ ᠬᠠᠭᠤᠳᠠᠰᠤ ᠶᠢ ᠬᠢᠨᠠᠮᠠᠭᠠᠶ ᠲᠠᠭᠯᠠᠵᠤ᠂ ᠰᠤᠭᠤᠴᠢᠨ ᠠᠪᠤᠭᠰᠠᠨ ᠦᠯᠢᠭᠡᠷ ᠡᠳ᠋ ᠢ ᠪᠢᠲᠡᠭᠦᠮᠵᠢᠯᠡᠬᠦ ᠶᠢᠨ ᠬᠠᠮᠲᠤ ᠴᠠᠭ ᠲᠤᠬᠠᠶ ᠳᠤᠨᠢ ᠲᠤᠰᠬᠠᠶ ᠮᠡᠷᠭᠡᠵᠢᠯ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠬᠦᠷᠭᠡᠵᠦ ᠪᠠᠶᠢᠴᠠᠭᠠᠨ ᠰᠢᠯᠭᠠᠨ᠎ᠠ᠃ ᠡᠭᠦᠨ ᠤ ᠬᠠᠮᠲᠤ᠂ ᠪᠠᠶᠢᠴᠠᠭᠠᠨ ᠰᠢᠯᠭᠠᠬᠤ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠤᠨ ᠣᠨᠣᠪᠴᠢᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    2024 ᠣᠨ ᠳᠤ ᠨᠡᠶᠢᠳᠡ 320 ᠪᠦᠯᠦᠭ ᠤᠳᠠᠭ᠎ᠠ ᠶᠢᠨ ᠢᠳᠡᠭᠡᠨ ᠤ ᠵᠦᠢᠯ ᠢ ᠰᠤᠭᠤᠴᠢᠨ ᠪᠠᠶᠢᠴᠠᠭᠠᠬᠤ ᠶᠢ ᠪᠡᠶᠡᠯᠡᠭᠦᠯᠪᠡ᠂ ᠡᠭᠦᠨ ᠳᠤ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ 118 ᠪᠦᠯᠦᠭ ᠤᠳᠠᠭ᠎ᠠ᠂ ᠡᠩ ᠤᠨ ᠢᠳᠡᠭᠡᠨ 202 ᠪᠦᠯᠦᠭ ᠤᠳᠠᠭ᠎ᠠ᠂ ᠬᠢᠷᠢ ᠲᠡᠩᠴᠡᠬᠦ ᠦᠭᠡᠢ 9 ᠪᠦᠯᠦᠭ ᠤᠳᠠᠭ᠎ᠠ ᠪᠠᠶᠢᠵᠤ᠂ ᠰᠣᠩᠭᠤᠨ ᠪᠠᠶᠢᠴᠠᠭᠠᠭᠰᠠᠨ ᠦᠷ᠎ᠡ ᠳ᠋ᠦᠩ ᠢ ᠴᠥᠮ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠵᠦ᠂ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠢᠳᠡᠭᠡᠨ ᠢ ᠨᠢᠭᠡᠨᠲᠡ ᠱᠠᠭᠠᠷᠳᠠᠯᠭ᠎ᠠ ᠶᠣᠰᠣᠭᠠᠷ ᠰᠢᠢᠳᠪᠦᠷᠢᠯᠡᠭᠰᠡᠨ ᠤ ᠳᠠᠷᠠᠭᠠᠬᠢ ᠰᠢᠢᠳᠪᠦᠷᠢᠯᠡᠬᠦ ᠠᠵᠢᠯ ᠢ ᠥᠷᠨᠢᠭᠦᠯᠪᠡ᠃    ᠳᠠᠷᠠᠭ᠎ᠠ ᠵᠢᠯ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠭᠤᠴᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠭᠤᠴᠢᠨ ᠪᠠᠶᠢᠴᠠᠭᠠᠬᠤ ᠬᠡᠪᠴᠢᠶ᠎ᠡ ᠪᠠᠨ ᠥᠷᠭᠡᠳᠬᠡᠨ᠂ ᠰᠤᠭᠤᠴᠢᠨ ᠪᠠᠶᠢᠴᠠᠭᠠᠬᠤ ᠤᠳᠠᠭ᠎ᠠ ᠪᠠᠨ ᠳᠡᠭᠡᠭᠰᠢᠯᠡᠭᠦᠯᠵᠦ᠂ ᠡᠯ᠎ᠡ ᠲᠥᠷᠥᠯ ᠤᠨ ᠢᠳᠡᠭᠡᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠥᠷᠭᠡᠨ ᠣᠯᠠᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠠᠮᠤᠷ ᠲᠦᠪᠰᠢᠨ᠂ ᠰᠠᠨᠠᠭ᠎ᠠ ᠠᠮᠤᠷ ᠢᠳᠡᠭᠡᠨ ᠤ ᠬᠡᠷᠡᠭᠯᠡᠭᠡᠨ ᠤ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠬᠤ ᠶᠢ ᠤᠷᠢᠶᠠᠯᠠᠵᠤ ᠪᠠᠶᠢᠨ᠎ᠠ᠃
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号