︽ᠳᠤᠮᠳᠠᠳᠤ ᠤᠯᠤᠰ ᠤᠨ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ︾ | ᠵᠢᠴᠢ ︽ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠲᠤᠬᠠᠶ | ᠬᠡᠷᠡᠭᠵᠢᠭᠦᠯᠬᠦ ᠰᠠᠨᠠᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ | ᠵᠠᠯᠭᠠᠮᠵᠢᠯᠠᠨ ᠪᠠᠳᠠᠷᠠᠭᠤᠯᠵᠤ᠂ ᠮᠠᠨ ᠤ ᠬᠤᠰᠢᠭᠤᠨ ᠤ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ ᠬᠥᠭᠵᠢᠭᠦᠯᠬᠦ ᠶᠢ | ᠠᠬᠢᠭᠤᠯᠵᠤ᠂ ᠠᠷᠠᠳ ᠣᠯᠠᠨ ᠢ ᠳᠠᠶᠢᠴᠢᠯᠠᠨ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠠᠭᠠᠨ ᠠᠵᠢᠯ ᠣᠯᠵᠤ | ᠣᠷᠣᠯᠭ᠎ᠠ ᠶᠢ ᠨᠢ ᠨᠡᠮᠡᠭᠳᠡᠭᠦᠯᠬᠦ ᠶᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠬᠤ ᠳᠤ ᠬᠦᠴᠦᠨ ᠨᠡᠮᠡᠷᠢᠯᠡᠪᠡ᠃ ᠲᠦᠮᠡᠳ ᠵᠡᠭᠦᠨ ᠬᠤᠰᠢᠭᠤᠨ ᠤ ᠰᠣᠶᠣᠯ | ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠪᠣᠳᠠᠰ ᠤᠨ ᠪᠤᠰᠤ ᠰᠣᠶᠣᠯ ᠤᠨ ᠥᠪ ᠤᠨ | ᠭᠤᠶᠤᠴᠢᠯᠠᠨ ᠮᠡᠳᠡᠭᠦᠯᠬᠦ ᠭᠤᠤᠯ ᠴᠣᠭᠴᠠ ᠶᠢ ᠬᠢᠨᠠᠨ ᠲᠣᠭᠲᠠᠭᠠᠵᠤ᠂ ᠣᠲᠣ ᠪᠠᠲᠤᠯᠠᠬᠤ ᠪᠠᠷ ᠪᠠᠶᠢᠭ᠎ᠠ 3 ᠲᠦᠷᠦᠯ | ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠪᠦᠷᠢᠳᠬᠡᠯ ᠢ ᠨᠡᠶᠢᠭᠡᠮ ᠳᠤ ᠵᠠᠷᠯᠠᠨ ᠨᠡᠶᠢᠲᠡᠯᠡᠵᠦ᠂ | ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠡᠳᠦᠷ ︵2024 ᠣᠨ ᠤ 11 ᠰᠠᠷ᠎ᠠ ᠶᠢᠨ 27 ᠤ ᠡᠳᠦᠷ ᠠᠴᠠ 12 | ᠰᠠᠷ᠎ᠠ ᠶᠢᠨ 3 ᠤ ᠡᠳᠦᠷ︶ ᠪᠣᠯᠣᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ | ᠬᠥᠮᠦᠨ ᠵᠠᠷᠯᠠᠨ ᠨᠡᠶᠢᠲᠡᠯᠡᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠲᠤ ᠣᠨᠳᠣᠤ | ᠰᠠᠨᠠᠯ ᠢ ᠪᠢᠴᠢᠭ ᠤᠨ ᠬᠡᠯᠪᠡᠷᠢ ᠪᠠᠷ ᠭᠥᠯᠢᠶᠡᠨ ᠠᠪᠴᠤ ᠰᠢᠢᠳᠪᠦᠷᠢᠯᠡᠬᠦ ᠨᠢᠭᠡᠴᠢ ᠳᠤ ᠳᠤᠷᠠᠳᠴᠤ ᠪᠣᠯᠤᠨ᠎ᠠ᠃ | ᠣᠨᠳᠣᠤ ᠰᠠᠨᠠᠯ ᠲᠠᠢ ᠪᠢᠴᠢᠭ ᠲᠤ ᠡᠷᠬᠡᠪᠰᠢ ᠣᠨᠳᠣᠤ ᠰᠠᠨᠠᠯ ᠲᠠᠢ ᠦᠢᠯᠡᠳᠬᠡᠯ ᠤᠨ ᠭᠠᠵᠠᠷ ᠤᠨ ᠨᠡᠷᠡᠶᠢᠳᠦᠯ᠂ | ᠪᠣᠳᠠᠲᠤ ᠶᠠᠪᠤᠳᠠᠯ ᠤᠨ ᠤᠴᠢᠷ ᠰᠢᠯᠲᠠᠭᠠᠨ᠂ ᠣᠨᠳᠣᠤ ᠰᠠᠨᠠᠯ ᠲᠠᠢ ᠬᠥᠮᠦᠰ ᠤᠨ ᠦᠨᠡᠨ ᠪᠣᠳᠠᠲᠠᠶ ᠣᠪᠣᠭ ᠨᠡᠷ᠎ᠡ᠂ | ᠠᠵᠢᠯᠯᠠᠵᠤ ᠪᠠᠶᠢᠭ᠎ᠠ ᠨᠢᠭᠡᠴᠡ᠂ ᠬᠠᠷᠢᠯᠴᠠᠬᠤ ᠠᠷᠭ᠎ᠠ ᠮᠠᠶ᠋ᠢᠭ ᠵᠡᠷᠭᠡ ᠵᠦᠢᠯ ᠢ ᠲᠣᠳᠣᠷᠬᠠᠶ ᠪᠢᠴᠢᠬᠦ ᠶᠢᠨ ᠬᠠᠮᠲᠤ | ᠴᠢᠬᠤᠯᠠ ᠪᠦᠬᠦᠢ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ᠃ ᠲᠦᠮᠡᠳ ᠵᠡᠭᠦᠨ ᠬᠤᠰᠢᠭᠤᠨ ᠤ ᠰᠣᠶᠣᠯ ᠪᠡᠶ᠎ᠡ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠣᠨᠳᠣᠤ | ᠰᠠᠨᠠᠯ ᠤᠨ ᠠᠭᠤᠯᠭ᠎ᠠ ᠶᠢ ᠪᠠᠶᠢᠴᠠᠭᠠᠨ ᠬᠠᠷᠭᠤᠭᠤᠯᠤᠨ᠎ᠠ᠃ ᠪᠤᠰᠤᠳ ᠨᠡᠷ᠎ᠡ ᠪᠠᠷ ᠥᠭᠡᠷ᠎ᠡ ᠰᠠᠨᠠᠯ ᠢᠶᠠᠨ ᠢᠯᠡᠳᠭᠡᠪᠡᠯ | ᠬᠦᠯᠢᠶᠡᠨ ᠠᠪᠴᠤ ᠰᠢᠢᠳᠪᠦᠷᠢᠯᠡᠬᠦ ᠦᠭᠡᠢ᠃ | ᠬᠠᠷᠢᠯᠴᠠᠬᠤ ᠤᠲᠠᠰᠤ᠄ 0471 - 8153210 | ᠲᠦᠮᠡᠳ ᠵᠡᠭᠦᠨ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | 2024 ᠣᠨ ᠤ 11 ᠰᠠᠷ᠎ᠠ ᠶᠢᠨ 27 ᠤ ᠡᠳᠦᠷ | | | | | |