ᠪᠠᠶ ᠮᠢᠶᠣᠣ ᠽᠢ ᠪᠠᠯᠭᠠᠰᠤ ︽ᠬᠠᠯᠠᠭᠤᠨ ᠳᠤᠯᠠᠭᠠᠨ ᠬᠦᠬᠡᠬᠤᠲᠠ︾ ᠴᠠᠰᠤ ᠴᠡᠪᠡᠷᠯᠡᠵᠦ ᠮᠥᠰᠥ ᠠᠷᠢᠯᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/20
    12 ᠰᠠᠷ᠎ᠠ ᠶᠢᠨ 19 ᠤ ᠡᠳᠦᠷ᠂ ᠪᠠᠶ ᠮᠢᠶᠣᠣ ᠽᠢ ᠪᠠᠯᠭᠠᠰᠤ ᠢᠳᠡᠪᠬᠢᠲᠡᠶ ᠬᠥᠳᠡᠯᠦᠯᠴᠡᠵᠦ᠂ ᠴᠠᠰᠤ ᠠᠷᠢᠯᠭᠠᠵᠤ ᠮᠥᠰᠥ ᠠᠷᠢᠯᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠪᠦᠯ ᠤᠨ ᠤᠯᠠᠷᠢᠯ ᠤᠨ ᠪᠠᠯᠭᠠᠰᠤᠨ ᠤ ᠣᠷᠴᠢᠨ ᠲᠣᠭᠤᠷᠢᠨ ᠤ ᠴᠡᠪᠡᠷ ᠲᠡᠭᠰᠢ ᠠᠮᠤᠷ ᠲᠦᠪᠰᠢᠨ ᠢ ᠪᠠᠲᠤᠯᠠᠵᠤ᠂ ᠢᠯᠠᠩᠭᠤᠶ᠎ᠠ ᠴᠢᠬᠤᠯᠠ ᠣᠷᠣᠨ ᠪᠦᠰᠡ ᠶᠢᠨ ᠰᠠᠭᠠᠳ ᠥᠬᠡᠶ ᠨᠡᠪᠲᠡᠷᠡᠬᠦ ᠶᠢ  ᠪᠠᠲᠤᠯᠠᠪᠠ᠃    ᠪᠦᠬᠦ ᠪᠠᠯᠭᠠᠰᠤ᠂ ᠲᠣᠰᠬᠤᠨ ᠤ ᠺᠠᠳ᠋ᠷ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠲᠡᠮᠦᠷ ᠬᠦᠷᠵᠡ᠂ ᠱᠦᠭᠦᠷ ᠵᠡᠷᠭᠡ ᠪᠠᠭᠠᠵᠢ ᠬᠡᠷᠡᠭᠰᠡᠯ ᠢᠶᠠᠨ ᠪᠠᠷᠢᠵᠤ᠂ ᠠᠵᠢᠯ ᠤᠨ ᠬᠤᠪᠢᠶᠠᠷᠢᠯᠠᠯ ᠲᠣᠳᠣᠷᠬᠠᠢ ᠪᠠᠶᠢᠨ᠎ᠠ ᠃ ᠣᠯᠠᠨ ᠢᠶᠠᠷ ᠢᠶᠠᠨ ᠭᠠᠷ ᠲᠠᠬᠢ ᠲᠡᠮᠦᠷ ᠬᠦᠷᠵᠡ᠂ ᠮᠥᠰᠥᠨ ᠬᠤᠰᠤᠭᠤᠷ ᠵᠡᠷᠭᠡ  ᠪᠠᠷ ᠴᠠᠰᠤ ᠶᠢ ᠶᠠᠭᠠᠷᠤᠯᠳᠠᠨ ᠴᠡᠪᠡᠷᠯᠡᠨ᠎ᠡ᠃ ᠴᠠᠭ ᠭᠠᠷᠤᠶ ᠶᠢᠨ ᠰᠢᠷᠭᠠᠭᠤ ᠬᠥᠳᠡᠯᠮᠦᠷᠢ ᠪᠠᠷ ᠳᠠᠮᠵᠢᠭᠠᠳ᠂ ᠬᠠᠷᠢᠭᠤᠴᠠᠯᠭ᠎ᠠ ᠶᠢᠨ ᠣᠷᠣᠨ ᠤ ᠳᠣᠲᠣᠷᠠᠬᠢ ᠬᠤᠷᠠᠭᠰᠠᠨ ᠴᠠᠰᠤ ᠪᠣᠯᠤᠨ ᠮᠥᠰᠥᠨ ᠳᠠᠪᠬᠤᠷᠭ᠎ᠠ ᠨᠢ ᠦᠳᠲᠡᠷ ᠲᠦᠷᠭᠡᠨ ᠠᠷᠢᠯᠪᠠ᠃    ᠲᠣᠰ ᠤᠳᠠᠭᠠᠨ ᠤ ᠠᠵᠢᠯᠯᠠᠭ᠎ᠠ ᠨᠢ ᠪᠠᠶ ᠮᠢᠶᠣᠣ ᠽᠢ ᠪᠠᠯᠭᠠᠰᠤ᠂ ᠲᠣᠰᠬᠤᠨ ᠤ ᠺᠠᠳ᠋ᠷᠴᠤᠳ ᠤᠨ ᠪᠦᠯᠬᠦᠮᠳᠡᠨ ᠬᠠᠮᠵᠢᠯᠴᠠᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠪᠠᠶ ᠮᠢᠶᠣᠣ ᠽᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号