ᠵᠠᠯᠠᠭᠤᠴᠤᠳ ᠪᠠᠭᠠᠴᠤᠳ ᠢ ᠬᠠᠯᠠᠮᠵᠢᠯᠠᠨ ᠬᠠᠶᠢᠷᠠᠯᠠᠬᠤ ᠠᠵᠢᠯ ᠢ ᠤᠯᠠᠮ ᠰᠠᠶᠢᠲᠤᠷ ᠬᠢᠵᠦ᠂ ᠪᠣᠳᠠᠲᠤ | ᠠᠵᠢᠯᠯᠠᠭ᠎ᠠ ᠪᠠᠷ ᠢᠶᠠᠨ ᠬᠦᠴᠢᠷᠳᠡᠯ ᠳᠤ ᠲᠤᠯᠭᠠᠷᠠᠭᠰᠠᠨ ᠵᠠᠯᠠᠭᠤᠴᠤᠳ ᠪᠠᠭᠠᠴᠤᠳ ᠲᠤ ᠨᠠᠩ ᠰᠠᠶᠢᠲᠤᠷ | ᠦᠢᠯᠡᠴᠢᠯᠡᠬᠦ ᠶᠢᠨ ᠲᠥᠯᠥᠭᠡ᠂ ᠲᠦᠷᠦᠭᠦᠬᠡᠨ ᠭᠦᠭᠡᠬᠤᠳᠠ ᠶᠢᠨ ᠡᠪᠯᠡᠯ ᠤᠨ ᠬᠤᠷᠢᠶ᠎ᠠ ᠲᠤᠮᠳᠠᠳᠤ ᠤᠯᠤᠰ ᠤᠨ | ᠪᠠᠷᠢᠯᠭ᠎ᠠ ᠭᠠᠷᠠᠮ ᠠᠭᠠᠷ ᠤᠨ ᠠᠶᠠᠯᠠᠯ ᠤᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠵᠢᠴᠢ ᠨᠡᠶᠢᠭᠡᠮ ᠤᠨ | ᠬᠠᠯᠠᠭᠤᠨ ᠰᠡᠳᠬᠢᠯᠲᠦ ᠬᠥᠮᠥᠰ ᠤᠨ ᠲᠥᠯᠥᠭᠡᠯᠡᠭᠴᠢᠳ ᠲᠠᠢ ᠭᠠᠷ ᠬᠤᠯᠪᠣᠯᠴᠠᠨ ᠭᠦᠭᠡᠬᠤᠳᠠ ᠶᠢᠨ ᠦᠴᠦᠸᠠᠨ | ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ 20 ᠠᠮᠢᠳᠤᠷᠠᠯ ᠬᠦᠴᠢᠷᠳᠡᠯᠲᠡᠢ ᠵᠠᠯᠠᠭᠤᠴᠤᠳ | ᠪᠠᠭᠠᠴᠤᠳ ᠤᠨ ︽ᠪᠢᠴᠢᠯ ᠬᠦᠰᠡᠯ︾ ᠢ ᠪᠡᠶᠡᠯᠡᠭᠦᠯᠪᠡ᠃ ᠴᠠᠭᠢᠯᠭᠠᠨ ᠬᠦᠷᠳᠦᠲᠦ ᠰᠠᠨᠳᠠᠯᠢ᠂ ᠪᠢᠴᠢᠭ ᠤᠨ ᠰᠢᠷᠡᠭᠡ᠂ | ᠨᠢᠭᠡ ᠢᠵᠢ ᠬᠢᠴᠢᠶᠡᠯ ᠤᠨ ᠭᠠᠳᠠᠨᠠᠬᠢ ᠤᠩᠰᠢᠬᠤ ᠨᠣᠮ᠂ ᠨᠢᠭᠡ ᠪᠠᠭᠤᠤ ᠴᠠᠭ᠂ ᠨᠢᠭᠡ ᠬᠤᠣᠰ ᠬᠥᠯ ᠪᠥᠮᠪᠥᠭᠡᠨ | ᠱᠠᠬᠠᠢ ᠁ ᠬᠠᠶᠢᠷ᠎ᠠ ᠪᠢᠯᠬᠠᠭᠰᠠᠨ ᠡᠳ᠋ ᠪᠣᠳᠠᠰ ᠨᠢ ᠬᠡᠦᠬᠡᠳ ᠤᠳ ᠤᠨ ᠥᠴᠥᠬᠡᠨ ᠬᠦᠰᠡᠯ ᠤᠨ ᠪᠡᠶᠡᠯᠡᠭᠳᠡᠯ | ᠪᠣᠯᠵᠤ᠂ ᠲᠡᠳᠡᠨ ᠤ ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠲᠣᠳᠣᠷᠠᠨ᠎ᠠ᠃ ᠬᠦᠴᠢᠷᠳᠡᠯᠲᠡᠢ ᠵᠠᠯᠠᠭᠤᠴᠤᠳ | ᠪᠠᠭᠠᠴᠤᠳ ᠤᠨ ︽ᠪᠢᠴᠢᠯ ᠬᠦᠰᠡᠯ ᠢ ᠪᠡᠶᠡᠯᠡᠭᠦᠯᠬᠦ︾ ᠠᠵᠢᠯᠯᠠᠭ᠎ᠠ ᠪᠣᠯ ᠭᠦᠭᠡᠬᠤᠳᠠ ᠶᠢᠨ ᠡᠪᠯᠡᠯ ᠤᠨ ᠬᠤᠷᠢᠶ᠎ᠠ ᠠᠴᠠ | ᠵᠣᠬᠢᠶᠠᠨ ᠪᠠᠶᠢᠭᠤᠯᠤᠭᠰᠠᠨ ᠵᠠᠯᠠᠭᠤᠴᠤᠳ ᠪᠠᠭᠠᠴᠤᠳ ᠢ ᠬᠠᠯᠠᠮᠵᠢᠯᠠᠨ ᠬᠠᠶᠢᠷᠠᠯᠠᠬᠤ ᠨᠡᠶᠢᠲᠡ ᠶᠢᠨ ᠠᠰᠠᠷᠠᠮᠵᠢ ᠶᠢᠨ | ᠨᠡᠷᠡᠲᠦ ᠲᠦᠷᠦᠯ ᠲᠡᠮᠳᠡᠭ ᠪᠣᠯᠣᠨ᠎ᠠ᠃ ᠲᠡᠷᠡ ᠨᠢ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ ᠲᠦᠷᠦᠯ ᠤᠨ ᠡᠬᠢ ᠪᠠᠶᠠᠯᠢᠭ ᠢ | ᠨᠡᠶᠢᠳᠬᠡᠵᠦ᠂ ᠵᠠᠯᠠᠭᠤᠴᠤᠳ ᠪᠠᠭᠠᠴᠤᠳ ᠢ ᠬᠠᠪᠰᠤᠷᠤᠨ ᠪᠠᠭ᠎ᠠ ᠬᠦᠴᠢᠷᠳᠡᠯ ᠢ ᠨᠢ ᠰᠢᠢᠳᠪᠦᠷᠢᠯᠡᠨ᠂ ᠪᠠᠭ᠎ᠠ | ᠬᠡᠷᠡᠭᠴᠡᠭᠡ ᠶᠢ ᠨᠢ ᠬᠠᠩᠭᠠᠵᠤ᠂ ᠪᠠᠭ᠎ᠠ ᠬᠦᠰᠡᠯ ᠢ ᠨᠢ ᠲᠡᠷᠭᠡᠯᠰᠢᠭᠦᠯᠵᠦ᠂ ᠶᠡᠭᠡ ᠵᠡᠭᠦᠳᠦ ᠶᠢ ᠨᠢ ᠲᠡᠷᠭᠡᠯᠰᠢᠭᠦᠯᠬᠦ ᠪᠠᠷ | ᠭᠤᠣᠯ ᠵᠣᠷᠢᠯᠲᠠ ᠪᠠᠨ ᠪᠣᠯᠭᠠᠪᠠ᠃ ᠲᠤᠰ ᠲᠦᠷᠦᠯ ᠵᠦᠢᠯ ᠢ ᠬᠡᠷᠡᠭᠵᠢᠭᠦᠯᠦᠭᠰᠡᠨ ᠨᠢᠭᠡ ᠵᠢᠯ ᠤᠨ ᠲᠤᠷᠰᠢ᠂ | ᠬᠠᠯᠠᠭᠤᠨ ᠰᠡᠳᠬᠢᠯᠲᠦ ᠠᠵᠤ ᠠᠬᠤᠶᠢᠯᠠᠯ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠢ ᠵᠣᠬᠢᠴᠠᠭᠤᠯᠵᠤ 10 ᠲᠦᠮᠡ | ᠭᠠᠷᠤᠢ ᠲᠥᠭᠦᠷᠢᠭ ᠴᠤᠭᠯᠠᠭᠤᠯᠤᠨ ᠬᠦᠴᠢᠷᠳᠡᠯᠲᠡᠢ ᠵᠠᠯᠠᠭᠤᠴᠤᠳ ᠪᠠᠭᠠᠴᠤᠳ ᠤᠨ ︽ᠪᠢᠴᠢᠯ ᠬᠦᠰᠡᠯ︾ ᠢ | ᠲᠡᠷᠭᠡᠯᠰᠢᠭᠦᠯᠪᠡ᠃ ᠡᠨᠡᠬᠦ ᠠᠵᠢᠯᠯᠠᠭ᠎ᠠ ᠨᠢ ᠬᠡᠦᠬᠡᠳ ᠲᠤ ᠡᠳ᠋ ᠪᠣᠳᠠᠰ ᠤᠨ ᠲᠠᠯ᠎ᠠ ᠪᠠᠷ ᠬᠠᠯᠠᠮᠵᠢᠯᠠᠯ ᠬᠦᠷᠭᠡᠭᠰᠡᠨ ᠢᠶᠠᠷ | ᠪᠠᠷᠠᠬᠤ ᠦᠭᠡᠢ᠂ ᠨᠠᠩ ᠴᠤ ᠣᠶᠤᠨ ᠰᠠᠨᠠᠭᠠᠨ ᠤ ᠲᠠᠯ᠎ᠠ ᠶᠢᠨ ᠲᠠᠶᠢᠳᠬᠤᠷᠠᠭᠤᠯᠤᠯ ᠵᠣᠷᠢᠭᠵᠢᠭᠤᠯᠤᠯ ᠪᠣᠯᠵᠤ᠂ | ᠢᠳᠡᠪᠬᠢᠲᠡᠢ ᠪᠠᠶᠠᠰᠤᠩᠭᠤᠢ ᠠᠮᠢᠳᠤᠷᠠᠬᠤᠢ ᠶᠢᠨ ᠦᠵᠡᠯᠲᠡ ᠶᠢ ᠬᠥᠮᠥᠵᠢᠭᠦᠯᠪᠡ᠃ |