ᠲᠦᠮᠡᠳ ᠵᠡᠭᠦᠨ ᠬᠤᠰᠢᠭᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/23
    12 ᠰᠠᠷ᠎ᠠ ᠶᠢᠨ 20 ᠤ ᠡᠳᠦᠷ᠂ ᠲᠦᠮᠡᠳ ᠵᠡᠭᠦᠨ ᠬᠤᠰᠢᠭᠤ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠱᠦ ᠢᠦᠶ ᠬᠤᠷᠠᠯ ᠢ ᠡᠷᠭᠢᠯᠡᠪᠡ᠃    ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠭᠦᠸᠧ ᠵᠢᠶᠦ᠋ᠨ ᠯᠦᠩ ᠢ ᠤᠷᠢᠵᠤ ︽ᠠᠮᠤᠷ ᠲᠦᠪᠰᠢᠨ ᠤ ᠪᠠᠶᠢᠳᠠᠯ ᠠᠮᠤᠷ ᠲᠦᠪᠰᠢᠨ ᠪᠠᠶᠢᠬᠤ ᠡᠰᠡᠬᠦ ᠶᠢ ᠲᠣᠳᠣᠷᠬᠠᠶ ᠲᠠᠨᠢᠵᠤ᠂ ᠠᠶᠤᠯ ᠲᠦᠭᠰᠢᠭᠦᠷᠢ ᠶᠢ ᠪᠤᠳᠤᠵᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠶ᠎ᠠ︾ ᠭᠡᠬᠦ ᠰᠡᠳᠦᠪ ᠢᠶᠠᠷ ᠬᠢᠴᠢᠶᠡᠯ ᠣᠷᠣᠭᠤᠯᠵᠤ᠂ ᠬᠤᠷᠠᠯ ᠳᠤ ᠣᠷᠣᠯᠴᠠᠭᠰᠠᠳ ᠢ ᠬᠠᠪᠰᠤᠷᠤᠨ ᠣᠳᠣᠬᠠᠨ ᠤ ᠳᠡᠯᠡᠬᠡᠶ ᠶᠢᠨ ᠪᠠᠶᠢᠳᠠᠯ ᠳᠣᠤᠷᠠᠬᠢ ᠮᠠᠨ ᠤ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠭᠤᠤᠯ ᠴᠢᠬᠤᠯᠠ ᠠᠭᠤᠯᠭ᠎ᠠ ᠶᠢ ᠨᠠᠩ ᠰᠠᠶᠢᠲᠤᠷ ᠣᠶᠢᠯᠠᠭᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠤᠯᠤᠰ ᠢᠶᠠᠨ ᠬᠠᠶᠢᠷᠠᠯᠠᠬᠤ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠪᠠ᠃    ᠬᠤᠷᠠᠯ ᠠᠴᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠪᠦᠬᠦ ᠠᠷᠠᠳ ᠤᠨ ᠴᠢᠨᠠᠷᠲᠠᠢ ᠬᠥᠮᠦᠵᠢᠯ ᠤᠨ ᠠᠵᠢᠯᠯᠠᠭ᠎ᠠ ᠮᠥᠨ᠂ ᠤᠯᠤᠰ ᠤᠨ ᠠᠮᠤᠷ ᠲᠦᠪᠰᠢᠨ ᠪᠠ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠬᠤ ᠪᠣᠯᠬᠤᠷ ᠡᠯ᠎ᠡ ᠨᠢᠭᠡᠴᠡ ᠶᠢᠨ ᠬᠢᠨ ᠤᠯᠠᠨ ᠲᠦᠮᠡᠨᠴᠢ ᠴᠢᠨᠠᠷᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠦᠢᠯᠡᠳᠦᠯᠭᠡ ᠶᠢᠨ ᠠᠴᠢᠶᠠᠯᠠᠪᠤᠷᠢ ᠶᠢ ᠪᠠᠶᠠᠯᠢᠭᠵᠢᠭᠤᠯᠬᠤ ᠬᠡᠷᠡᠭᠲᠡᠢ᠃ ᠤᠬᠠᠭᠤᠯᠭ᠎ᠠ ᠲᠦᠭᠡᠮᠡᠯᠵᠢᠯᠲᠡ ᠶᠢ ᠠᠬᠢᠭᠤᠯᠵᠤ᠂ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠦᠬᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠶ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号