ᠰᠢᠨ᠎ᠡ ᠵᠢᠯ᠂ ᠴᠠᠭᠠᠨ ᠰᠠᠷ᠎ᠠ ᠣᠶᠢᠷᠠᠳᠴᠤ᠂ ᠴᠠᠭᠠᠰᠤᠴᠢ ᠪᠠᠯᠭᠠᠰᠤᠨ ᠤ ᠬᠤᠸᠠᠷ ᠫᠤᠤᠵᠢᠩ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ | ᠴᠢᠩᠭᠠᠳᠬᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ | ᠲᠥᠯᠥᠭᠡ᠂ 12 ᠰᠠᠷ᠎ᠠ ᠶᠢᠨ 23 ᠤ ᠡᠳᠦᠷ᠂ ᠴᠠᠭᠠᠰᠤᠴᠢ ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠠᠯᠪᠠᠨ ᠬᠡᠷ | ᠬᠠᠷᠢᠶᠠᠲᠤ ᠣᠷᠣᠨ ᠤ ᠬᠤᠸᠠᠷ ᠫᠤᠤᠵᠢᠩ ᠪᠣᠷᠣᠯᠠᠭᠤᠯᠬᠤ ᠳᠡᠯᠭᠡᠭᠦᠷ ᠲᠤ ᠠᠶᠤᠯᠭᠦᠶ ᠦᠢᠯᠡᠳᠪᠦᠷᠢᠯᠡᠯ ᠤᠨ ᠲᠤᠰᠬᠠᠶ | ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭ᠎ᠠ ᠨᠡᠶᠢᠲᠡ 3 ᠬᠤᠸᠠᠷ ᠫᠤᠤᠵᠢᠩ ᠪᠣᠷᠣᠯᠠᠭᠤᠯᠬᠤ ᠳᠡᠯᠭᠡᠭᠦᠷ ᠢ ᠪᠠᠶᠢᠴᠠᠭᠠᠵᠤ᠂ ᠪᠠᠷᠠᠭ᠎ᠠ | ᠣᠷᠣᠭᠤᠯᠬᠤ ᠠᠷᠭ᠎ᠠ ᠵᠠᠮ ᠢ ᠨᠠᠷᠢᠨ ᠣᠶᠢᠯᠠᠭᠠᠵᠤ᠂ ᠪᠠᠷᠠᠭ᠎ᠠ ᠣᠷᠣᠭᠤᠯᠬᠤ ᠬᠠᠭᠤᠳᠠᠰᠤ᠂ ᠭᠠᠯ ᠤᠨᠲᠠᠷᠠᠭᠠᠬᠤ | ᠪᠠᠭᠠᠵᠢ ᠬᠡᠷᠡᠭᠰᠡᠯ ᠢ ᠲᠣᠬᠢᠷᠠᠭᠤᠯᠬᠤ ᠵᠡᠷᠭᠡ ᠶᠢ ᠪᠠᠶᠢᠴᠠᠭᠠᠨ ᠦᠵᠡᠵᠦ᠂ ᠬᠤᠸᠠᠷ ᠫᠤᠤᠵᠢᠩ ᠤᠨ ᠵᠢᠵᠢᠭᠯᠡᠨ | ᠬᠤᠳᠠᠯᠳᠤᠬᠤ ᠭᠠᠵᠠᠷ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠬᠤᠭᠤᠴᠠᠭ᠎ᠠ ᠨᠢ ᠲᠤᠯᠵᠤ᠂ ᠭᠠᠯ | ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠪᠠᠶᠢᠴᠠᠭᠠᠬᠤ | ᠠᠵᠢᠯᠲᠠᠳ ᠲᠡᠷᠡ ᠳᠠᠷᠤᠶ ᠳᠤᠨᠢ ᠬᠤᠳᠠᠯᠳᠤᠭᠠᠨ ᠤ ᠡᠷᠦᠬᠡ ᠶᠢ ᠴᠡᠭᠴᠡᠯᠡᠨ ᠰᠠᠶᠢᠵᠢᠷᠠᠭᠤᠯᠬᠤ ᠳᠤ ᠬᠤᠯᠪᠣᠭᠳᠠᠭᠰᠠᠨ | ᠪᠥᠭᠡᠳ ᠬᠤᠸᠠᠷ ᠫᠤᠤᠵᠢᠩ ᠪᠣᠷᠣᠯᠠᠭᠤᠯᠬᠤ ᠳᠡᠯᠭᠡᠭᠦᠷ ᠤᠨ ᠥᠮᠴᠢᠲᠡᠨ ᠳᠤ ︽ᠬᠤᠸᠠᠷ ᠫᠤᠤᠵᠢᠩ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ | ᠤᠨᠲᠠᠷᠠᠭᠠᠬᠤ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠶᠢᠨ ᠬᠠᠮᠲᠤ | ᠬᠤᠯᠪᠣᠭᠳᠠᠯ ᠪᠥᠬᠦᠶ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠪᠠᠷ ᠳᠠᠮᠵᠢᠭᠤᠯᠤᠨ ᠥᠮᠴᠢᠲᠡᠨ ᠤ | ᠠᠶᠤᠯᠲᠠᠶ ᠳᠡᠯᠪᠡᠷᠡᠬᠦ ᠡᠳ᠋ ᠪᠣᠳᠠᠰ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠬᠤ ᠶᠢᠨ ᠴᠢᠬᠤᠯᠠ ᠴᠢᠨᠠᠷ ᠤᠨ | ᠲᠤᠬᠠᠶ ᠲᠠᠨᠢᠯᠲᠠ ᠶᠢ ᠴᠢᠩᠭᠠᠳᠬᠠᠵᠤ᠂ ᠪᠣᠷᠣᠯᠠᠭᠤᠯᠬᠤ ᠥᠮᠴᠢᠲᠡᠨ ᠤ ᠬᠠᠤᠯᠢ ᠪᠠᠷ ᠵᠠᠰᠠᠬᠤ ᠤᠬᠠᠮᠰᠠᠷ ᠪᠠ ᠠᠮᠤᠷ | ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ | ᠳᠠᠷᠠᠭᠠᠴᠢ ᠶᠢᠨ ᠠᠯᠬᠤᠮ ᠳᠤ᠂ ᠴᠠᠭᠠᠰᠤᠴᠢ ᠪᠠᠯᠭᠠᠰᠤ ᠬᠠᠷᠢᠶ᠎ᠠ ᠣᠷᠣᠨ ᠤ ᠪᠠᠨ ᠬᠤᠸᠠᠷ ᠫᠤᠤᠵᠢᠩ | ᠪᠣᠷᠣᠯᠠᠭᠤᠯᠬᠤ ᠳᠡᠯᠭᠡᠭᠦᠷ ᠢ ᠬᠢᠨᠠᠨ ᠬᠠᠮᠢᠶᠠᠷᠬᠤ ᠪᠠ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠶᠢᠨ | ᠬᠠᠮᠲᠤ ᠤᠬᠠᠭᠤᠯᠭ᠎ᠠ ᠬᠥᠮᠦᠵᠢᠯ ᠤᠨ ᠠᠵᠢᠯ ᠢ ᠭᠦᠨᠵᠡᠭᠡᠶ ᠥᠷᠨᠢᠭᠦᠯᠵᠦ᠂ ᠣᠯᠠᠨ ᠵᠦᠢᠯ ᠤᠨ ᠬᠡᠯᠪᠡᠷᠢ ᠪᠠᠷ | ᠳᠠᠮᠵᠢᠭᠤᠯᠤᠨ ᠤᠷᠢᠶ᠎ᠠ ᠯᠣᠽᠦ᠋ᠩ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ᠂ ᠸᠢᠴᠠᠲ ᠤᠨ ᠴᠤᠭᠯᠠᠷᠠᠯ ᠢᠶᠠᠷ | ᠰᠠᠨᠠᠭᠤᠯᠬᠤ ᠵᠡᠷᠭᠡ ᠶᠢ ᠤᠯᠠᠨ ᠲᠦᠮᠡᠨ ᠳᠤ ᠠᠮᠤᠷ ᠲᠦᠪᠰᠢᠨ ᠤ ᠭᠠᠯ ᠬᠡᠷᠡᠭᠯᠡᠬᠦ ᠮᠡᠳᠡᠯᠭᠡ ᠪᠠ ᠬᠤᠸᠠᠷ ᠫᠤᠤᠵᠢᠩ | ᠲᠠᠯᠪᠢᠬᠤ ᠠᠶᠤᠯᠲᠤ ᠴᠢᠨᠠᠷᠲᠠᠢ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ | ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠬᠤᠸᠠᠷ ᠫᠤᠤᠵᠢᠩ ᠬᠡᠷᠡᠭᠯᠡᠬᠦ ᠦᠶ᠎ᠡ ᠳᠤ | ᠵᠢᠷᠤᠮᠵᠢᠯ ᠲᠠᠢ ᠠᠵᠢᠯᠯᠠᠬᠤ ᠶᠢ ᠪᠠᠲᠤᠯᠠᠵᠤ᠂ ᠠᠳᠡᠯ ᠭᠠᠷᠬᠤ ᠠᠴᠠ ᠵᠠᠶᠢᠯᠠᠰᠬᠢᠨ᠎ᠡ᠃ |