ᠣᠶᠢᠷ᠎ᠠ ᠳᠤ᠂ ᠶᠢᠨ ᠬᠠᠶ ᠣᠷᠣᠨ ᠪᠦᠰᠡ ᠶᠢᠨ ᠦᠢᠯᠡᠴᠢᠯᠡᠭᠡᠨ ᠤ ᠲᠥᠪ 2024 ᠣᠨ ᠤ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠶᠢᠨ ᠵᠢᠯ ᠤᠨ ᠡᠴᠦᠰ ᠤᠨ ᠬᠢᠨᠠᠨ ᠰᠢᠯᠭᠠᠯᠲᠠ ᠶᠢᠨ ᠶᠡᠷᠦᠩᠬᠡᠶᠢᠯᠡᠭᠰᠡᠨ ᠬᠡᠪ | ᠴᠢᠨᠠᠷ ᠤᠨ ᠲᠤᠷᠰᠢᠯᠲᠠ ᠶᠢᠨ ᠰᠢᠯᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠲᠣᠰ ᠤᠳᠠᠭᠠᠨ ᠤ ᠬᠢᠨᠠᠨ | ᠰᠢᠯᠭᠠᠯᠲᠠ ᠨᠢ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ | ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ ᠦᠨᠡᠯᠡᠨ ᠵᠢᠱᠢᠬᠦ ᠶᠢᠨ ᠲᠥᠯᠥᠭᠡ ᠶᠤᠮ᠃ | ᠲᠥᠪ ᠤᠨ ᠳᠡᠳ᠋ ᠡᠷᠬᠢᠯᠡᠭᠴᠢ ᠲᠦᠮᠡᠨ ᠬᠢᠭᠡᠳ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ | ᠮᠢᠩ ᠶᠠᠩ ᠬᠠᠮᠲᠤ ᠪᠠᠷ ᠬᠢᠨᠠᠨ ᠰᠢᠯᠭᠠᠭᠰᠠᠨ ᠨᠢ ᠲᠣᠰ ᠤᠳᠠᠭᠠᠨ ᠤ ᠬᠢᠨᠠᠨ ᠰᠢᠯᠭᠠᠯᠲᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠰᠢᠯᠭᠠᠯᠲᠠ ᠶᠢᠨ ᠲᠠᠯᠠᠪᠠᠢ ᠡᠮᠬᠢ ᠳᠢᠭᠯᠢᠮ ᠲᠠᠢ ᠪᠠᠶᠢᠵᠤ᠂ | ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ 16 ᠠᠵᠢᠯᠲᠠᠨ ᠨᠠᠷᠢᠨ ᠬᠢᠨᠠᠮᠠᠭᠠᠢ ᠬᠠᠷᠢᠭᠤᠯᠵᠤ᠂ ᠰᠠᠶᠢᠨ | ᠰᠠᠶᠢᠬᠠᠨ ᠠᠵᠢᠯ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ | ᠬᠢᠨᠠᠨ ᠰᠢᠯᠭᠠᠬᠤ ᠠᠭᠤᠯᠭ᠎ᠠ ᠳᠤ ᠣᠯᠠᠨ ᠨᠡᠶᠢᠲᠡ ᠶᠢᠨ ᠰᠠᠭᠤᠷᠢ ᠮᠡᠳᠡᠯᠭᠡ᠂ ᠠᠵᠢᠯ ᠤᠨ ᠪᠠᠶᠢᠷᠢ ᠶᠢᠨ ᠲᠤᠰᠬᠠᠶ | ᠮᠡᠷᠭᠡᠵᠢᠯ ᠤᠨ ᠤᠷ᠎ᠠ ᠴᠢᠳᠠᠪᠤᠷᠢ ᠵᠢᠴᠢ ᠦᠢᠯᠡᠴᠢᠯᠡᠭᠡᠨ ᠤ ᠤᠬᠠᠮᠰᠠᠷ ᠵᠡᠷᠭᠡ ᠣᠯᠠᠨ ᠲᠠᠯ᠎ᠠ ᠶᠢ ᠬᠠᠮᠤᠷᠴᠤ᠂ | ᠠᠵᠢᠯᠲᠠᠨ ᠤ ᠥᠩᠭᠡᠷᠡᠭᠰᠡᠨ ᠨᠢᠭᠡ ᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠬᠢᠭᠡᠳ ᠦᠢᠯᠡᠳᠦᠯᠭᠡ ᠶᠢᠨ | ᠴᠢᠳᠠᠪᠤᠷᠢ ᠶᠢ ᠪᠥᠬᠦ ᠲᠠᠯ᠎ᠠ ᠪᠠᠷ ᠰᠢᠯᠭᠠᠨ ᠪᠠᠶᠢᠴᠠᠭᠠᠪᠠ᠃ ᠲᠣᠰ ᠤᠳᠠᠭᠠᠨ ᠤ ᠵᠢᠯ ᠤᠨ ᠡᠴᠦᠰ ᠤᠨ ᠬᠢᠨᠠᠨ | ᠰᠢᠯᠭᠠᠯᠲᠠ ᠨᠢ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠨᠢᠭᠡ ᠵᠢᠯ ᠤᠨ ᠲᠤᠷᠰᠢᠬᠢ | ᠠᠵᠢᠯ ᠤᠨ ᠳ᠋ᠦᠩᠨᠡᠯᠲᠡ ᠪᠠ ᠰᠢᠯᠭᠠᠨ ᠪᠠᠶᠢᠴᠠᠭᠠᠯᠲᠠ ᠪᠣᠯᠬᠤ ᠪᠠᠷ ᠪᠠᠷᠠᠬᠤ ᠥᠬᠡᠶ ᠪᠠᠰᠠ ᠲᠥᠪ ᠤᠨ ᠠᠵᠢᠯᠲᠠᠨ ᠤ | ᠬᠠᠮᠢᠶᠠᠷᠤᠯᠲᠠ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠲᠡᠶ ᠦᠨᠳᠦᠰᠦᠯᠡᠯ | ᠬᠠᠩᠭᠠᠭᠰᠠᠨ ᠪᠠᠶᠢᠨ᠎ᠠ᠃ | ᠢᠷᠡᠭᠡᠳᠦᠢ᠂ ᠶᠢᠨ ᠬᠠᠢ ᠣᠷᠣᠨ ᠪᠦᠰᠡ ᠶᠢᠨ ᠦᠢᠯᠡᠴᠢᠯᠡᠭᠡᠨ ᠤ ᠲᠥᠪ ᠨᠢ ᠨᠡᠶᠢᠲᠡ ᠶᠢᠨ ᠠᠰᠠᠷᠠᠮᠵᠢ ᠶᠢᠨ | ᠠᠵᠢᠯ ᠤᠨ ᠪᠠᠶᠢᠷᠢ ᠶᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠪᠣᠯᠪᠠᠰᠤᠷᠠᠭᠤᠯᠬᠤ ᠪᠠ ᠬᠢᠨᠠᠨ ᠰᠢᠯᠭᠠᠬᠤ ᠪᠠᠷ ᠳᠠᠮᠵᠢᠭᠤᠯᠤᠨ᠂ ᠠᠵᠢᠯᠲᠠᠨ ᠤ ᠲᠤᠰᠬᠠᠢ | ᠮᠡᠷᠭᠡᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠰᠠᠭᠤᠭᠠᠯᠢ | ᠠᠷᠠᠳ ᠲᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ |