ᠡᠨᠡ ᠵᠢᠯ ᠤᠨ 1 ᠰᠠᠷ᠎ᠠ ᠶᠢᠨ 5 ᠤ ᠡᠳᠦᠷ᠂ ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ | ᠵᠢᠨᠴᠤᠸᠠᠨ ᠲᠣᠭᠤᠷᠢᠭ ᠤᠨ ᠴᠠᠭ ᠠᠭᠤᠷ ᠤᠨ ᠠᠦ᠋ᠲ᠋ᠣ᠋ ᠠᠵᠢᠭᠯᠠᠯᠲᠠ ᠶᠢᠨ ᠥᠷᠲᠡᠭᠡ ᠶᠢ ᠪᠠᠲᠤᠯᠠᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠦᠲᠦᠭᠡᠨ ᠪᠠᠶᠢᠭᠤᠯᠪᠠ᠃ ᠲᠤᠰ ᠲᠥᠷᠥᠯ ᠵᠦᠢᠯ ᠢ | ᠬᠤᠰᠢᠭᠤᠨ ᠤ ᠴᠠᠭ ᠠᠭᠤᠷ ᠤᠨ ᠲᠣᠪᠴᠢᠶ᠎ᠠ ᠬᠠᠷᠢᠭᠤᠴᠠᠵᠤ᠂ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢᠨ | ᠶᠡᠷᠦᠩᠬᠡᠢ ᠪᠡᠯᠡ ᠣᠷᠣᠭᠤᠯᠤᠯᠲᠠ ᠨᠢ 15 ᠲᠦᠮᠡᠨ ᠲᠥᠭᠦᠷᠢᠭ ᠪᠠᠢᠵᠤ᠂ ᠭᠤᠣᠯᠳᠠᠭᠤ 100 ᠲᠡᠭᠰᠢ | ᠳᠥᠷᠪᠡᠯᠵᠢᠨ ᠮᠧᠲᠷ ᠭᠠᠵᠠᠷ ᠡᠵᠡᠯᠡᠵᠦ ᠪᠠᠢᠭ᠎ᠠ ᠰᠠᠯᠬᠢᠨ ᠤ ᠴᠢᠭᠯᠡᠯ᠂ ᠰᠠᠯᠬᠢᠨ ᠤ ᠬᠤᠷᠳᠤᠴᠠ᠂ ᠪᠣᠷᠣᠭᠠᠨ ᠣᠷᠣᠬᠤ᠂ | ᠴᠠᠰᠤ ᠣᠷᠣᠬᠤ᠂ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠠᠭᠠᠷ ᠤᠨ ᠳᠠᠷᠤᠯᠲᠠ ᠶᠢᠨ ᠪᠣᠳᠠᠲᠤ ᠪᠠᠶᠢᠳᠠᠯ | ᠵᠡᠷᠭᠡ ᠬᠦᠴᠦᠨ ᠵᠦᠢᠯ ᠤᠨ ᠴᠠᠭ ᠠᠭᠤᠷ ᠤᠨ ᠠᠵᠢᠭᠯᠠᠯᠲᠠ ᠶᠢᠨ ᠥᠷᠲᠡᠭᠡ ᠪᠣᠯᠤᠨ᠎ᠠ᠃ | ᠴᠠᠭ ᠠᠭᠤᠷ ᠤᠨ ᠬᠢᠨᠠᠨ ᠬᠡᠮᠵᠢᠬᠦ ᠥᠷᠲᠡᠭᠡ ᠶᠢᠨ ᠲᠥᠷᠥᠯ ᠵᠦᠢᠯ ᠢ ᠪᠠᠶᠢᠭᠤᠯᠤᠭᠰᠠᠨ ᠨᠢ 6 ᠵᠦᠢᠯ ᠤᠨ ᠴᠠᠭ | ᠠᠭᠤᠷ ᠤᠨ ᠬᠦᠴᠦᠨ ᠵᠦᠢᠯ ᠢ ᠴᠠᠭ ᠲᠤᠬᠠᠶ ᠳᠤᠨᠢ ᠠᠦ᠋ᠲ᠋ᠣ᠋ ᠬᠢᠨᠠᠨ ᠬᠡᠮᠵᠢᠵᠦ ᠳᠠᠮᠵᠢᠭᠤᠯᠬᠤ ᠶᠢ ᠪᠡᠶᠡᠯᠡᠭᠦᠯᠵᠦ᠂ | ᠵᠢᠨᠴᠤᠸᠠᠨ ᠣᠷᠣᠨ ᠤ ᠴᠠᠭ ᠠᠭᠤᠷ ᠤᠨ ᠬᠢᠨᠠᠨ ᠬᠡᠮᠵᠢᠬᠦ ᠪᠠᠯᠠᠶ ᠣᠷᠣᠨ ᠢ ᠨᠥᠬᠦᠪᠥᠷᠢᠯᠡᠵᠦ᠂ ᠵᠢᠨᠴᠤᠸᠠᠨ ᠣᠷᠣᠨ ᠤ | ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠭ ᠠᠭᠤᠷ ᠤᠨ ᠭᠠᠮᠰᠢᠭ ᠤᠨ ᠲᠣᠰ ᠭᠠᠵᠠᠷ ᠣᠷᠣᠨ ᠤ | ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠦᠵᠡᠭᠦᠯᠬᠦ ᠰᠦᠷᠳᠡᠭᠦᠯᠦᠯ ᠢ | ᠪᠦᠲᠦᠮᠵᠢᠲᠡᠶ ᠪᠠᠭᠠᠰᠬᠠᠪᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠴᠠᠭ ᠠᠭᠤᠷ ᠤᠨ ᠲᠣᠪᠴᠢᠶ᠎ᠠ ᠦᠷᠭᠦᠯᠵᠢᠯᠡᠨ ᠴᠠᠭ ᠠᠭᠤᠷ ᠤᠨ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠪᠠᠷ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠳᠥᠯᠭᠢᠨ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠴᠠᠭ | ᠠᠭᠤᠷ ᠤᠨ ᠭᠠᠮᠰᠢᠭ ᠢ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠪᠠ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠤᠨ ᠳᠣᠭᠢᠷᠠᠭᠤᠯᠬᠤ ᠲᠥᠪ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ | ᠲᠣᠭᠤᠷᠢᠨ ᠳᠤ᠂ ᠪᠥᠬᠦ ᠲᠠᠯ᠎ᠠ ᠶᠢᠨ ᠴᠠᠭ ᠠᠭᠤᠷ ᠤᠨ ᠦᠢᠯᠡᠴᠢᠯᠡᠭᠡ ᠪᠠᠷ ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠪᠠᠲᠤᠯᠠᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠳᠤ ᠬᠦᠴᠦᠨ | ᠨᠡᠮᠡᠷᠢᠯᠡᠵᠦ᠂ ᠠᠭᠤᠷ ᠠᠮᠢᠰᠬᠤᠯ ᠤᠨ ᠬᠤᠪᠢᠷᠠᠯᠲᠠ ᠪᠠ ᠪᠠᠶᠢᠭᠠᠯᠢ ᠶᠢᠨ ᠭᠠᠮᠰᠢᠭ ᠢ ᠠᠷᠭᠠᠴᠠᠬᠤ ᠥᠷᠢᠰᠥᠯᠳᠦᠭᠡᠨ ᠤ | ᠳᠤᠮᠳᠠ ᠴᠠᠭ ᠠᠭᠤᠷ ᠤᠨ ᠡᠭᠦᠷᠭᠡᠯᠡᠯ ᠢ ᠢᠯᠡᠷᠡᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠪᠠ ᠲᠠᠪᠤᠨ ᠵᠦᠢᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠠᠲᠤᠯᠠᠨ᠎ᠠ᠃ | | | | | | |