ᠵᠠᠰᠠᠯ ᠴᠢᠮᠡᠭᠯᠡᠯ ᠪᠣᠯ ᠨᠢᠭᠡ ᠦᠨᠳᠦᠰᠦᠲᠡᠨ ᠤ ᠣᠨᠴᠠᠯᠢᠭ᠂ ᠵᠠᠩ ᠳᠠᠳᠬᠠᠯ᠂ ᠶᠣᠰᠣ ᠰᠤᠷᠲᠠᠬᠤᠨ᠂ ᠡᠷᠡᠭᠦᠯ | ᠬᠠᠮᠠᠭᠠᠯᠠᠯ ᠤᠨ ᠲᠤᠰᠬᠠᠯ ᠶᠤᠮ᠃ ᠮᠣᠩᠭᠤᠯᠴᠤᠳ ᠤᠨ ᠵᠠᠰᠠᠯ ᠴᠢᠮᠡᠭᠯᠡᠯ ᠨᠢ ᠥᠪᠡᠷᠮᠢᠴᠡ ᠣᠨᠴᠠᠯᠢᠭ ᠲᠠᠢ᠂ | ᠮᠣᠩᠭᠤᠯ ᠠᠨᠠᠭᠠᠬᠤ ᠤᠬᠠᠭᠠᠨ ᠤ ᠵᠠᠰᠠᠯᠭ᠎ᠠ ᠠᠴᠠ ᠤᠯᠠᠷᠢᠨ ᠬᠤᠪᠢᠷᠠᠵᠤ ᠢᠷᠡᠭᠰᠡᠨ ᠤᠯᠠ ᠮᠥᠷ ᠲᠠᠢ᠃ | ᠬᠦᠵᠦᠭᠦᠪᠴᠢ᠄ ᠮᠣᠩᠭᠤᠯᠴᠤᠳ ᠤᠨ ᠡᠷᠲᠡ ᠤᠵᠠᠭᠤᠷ ᠤᠨ ᠵᠡᠭᠦᠳᠡᠭ ᠬᠦᠵᠦᠭᠦᠪᠴᠢ ᠨᠢ ᠡᠪᠡᠳᠴᠢᠨ ᠬᠢᠵᠢᠭ ᠢ | ᠡᠰᠡᠷᠭᠦᠴᠡᠨ ᠰᠡᠷᠭᠡᠶᠢᠯᠡᠬᠦ ᠲᠤᠰᠬᠠᠢ ᠡᠮ ᠲᠠᠢ ᠪᠠᠶᠢᠵᠤ᠂ ᠲᠡᠷᠡ ᠨᠢ ᠠᠮᠢᠰᠬᠤᠯ ᠢᠶᠠᠷ ᠬᠠᠯᠳᠠᠪᠤᠷᠢᠯᠠᠬᠤ ᠡᠯ᠎ᠡ | ᠵᠦᠢᠯ ᠤᠨ ᠡᠪᠡᠳᠴᠢᠨ ᠢ ᠰᠡᠷᠭᠡᠶᠢᠯᠡᠳᠡᠭ᠃ ᠮᠣᠩᠭᠤᠯ ᠤᠨ ᠠᠯᠳᠠᠷᠲᠤ ᠡᠮᠴᠢ ᠵᠠᠮᠪᠠᠯ ︽ᠮᠣᠩᠭᠤᠯ ᠡᠮᠨᠡᠯᠭᠡ ᠶᠢᠨ | ᠡᠷᠳᠡᠨᠢ ᠶᠢᠨ ᠰᠠᠩ︾ ᠭᠡᠬᠦ ᠵᠣᠬᠢᠶᠠᠯ ᠳᠠᠭᠠᠨ ᠶᠢᠰᠦᠨ ᠬᠠᠷ᠎ᠠ ᠶᠢᠨ ᠨᠠᠶᠢᠷᠠᠯᠲᠠ ᠵᠡᠷᠭᠡ ᠶᠢ ᠲᠤᠰᠬᠠᠢ ᠲᠠᠨᠢᠯᠴᠠᠭᠤᠯᠵᠠᠢ᠃ | ᠡᠭᠦᠨ ᠳᠤ ᠵᠠᠭᠠᠷ᠂ ᠬᠠᠷ᠎ᠠ ᠬᠦᠵᠢᠰ᠂ ᠵᠦᠯᠭᠡᠨ ᠬᠦᠵᠢᠰ ᠵᠡᠷᠭᠡ ᠦᠨᠦᠷᠲᠦ ᠪᠣᠳᠠᠰ ᠪᠠᠶᠢᠨ᠎ᠠ᠃ ᠸᠴᠢᠷ ᠠᠯᠮᠠᠰ ᠪᠣᠯ | ᠨᠢᠭᠡ ᠵᠦᠢᠯ ᠤᠨ ᠡᠷᠦᠳᠡᠰᠦ ᠪᠥᠭᠡᠳ ᠠᠶᠤᠩᠭ᠎ᠠ ᠠᠴᠠ ᠰᠡᠷᠭᠡᠶᠢᠯᠡᠬᠦ ᠦᠢᠯᠡᠳᠦᠯ ᠲᠠᠢ ᠲᠤᠯᠠ ᠮᠣᠩᠭᠤᠯᠴᠤᠳ | ᠬᠦᠵᠦᠭᠦᠪᠴᠢ ᠳᠣᠲᠣᠷ᠎ᠠ ᠪᠠᠨ ᠬᠢᠵᠦ ᠵᠡᠭᠦᠳᠡᠭ ᠪᠠᠶᠢᠨ᠎ᠠ᠃ | |