ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠨᠠᠮ ᠤᠨ  ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 140 ᠳ᠋ᠤᠭᠡᠷ ᠤᠳᠠᠭᠠᠨ ᠤ ᠬᠤᠷᠠᠯ ᠬᠤᠷᠠᠯᠳᠤᠪᠠv
ᠨᠡᠶᠢᠲᠡᠯᠡᠭᠰᠡᠨ ᠴᠠᠭ᠄
2024/12/24
    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠠᠢᠩᠭᠤ ᠶᠢᠨ ᠬᠤᠷᠢᠶ᠎ᠠ ᠶᠢᠨ140 ᠳ᠋ᠦ᠋ᠭᠡᠷ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠶ ᠶᠢᠩ ᠬᠤᠷᠠᠯ ᠡᠷᠭᠢᠯᠡᠪᠡ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠶᠣᠤ ᠱᠢ ᠨᠥᠬᠦᠷ ᠤᠨ ᠮᠡᠨᠳᠦᠯᠡᠭᠰᠡᠨ 100 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠣᠣᠮᠧᠨ ᠤ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠤᠯᠴᠠᠯᠭ᠎ᠠ ᠶᠢ ᠰᠠᠶᠢᠲᠤᠷ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠣᠣᠮᠧᠨ ᠤ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠣᠶᠢᠷ᠎ᠠ ᠶᠢᠨ ᠬᠤᠭᠤᠴᠠᠭᠠᠨ ᠤ ᠴᠢᠬᠤᠯᠠ ᠬᠤᠷᠠᠯ ᠪᠠ ᠲᠣᠮᠣ ᠬᠡᠯᠪᠡᠷᠢ ᠶᠢᠨ ᠠᠵᠢᠯᠯᠠᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ᠂ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠮᠠᠯ ᠰᠠᠮᠠᠭᠤᠨ ᠦᠵᠡᠭᠳᠡᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠴᠢᠬᠤᠯᠠ ᠬᠤᠷᠠᠯ ᠪᠠ ᠪᠠᠶᠠᠷ ᠳᠤᠷᠠᠰᠬᠠᠯ ᠤᠨ ᠠᠵᠢᠯᠯᠠᠭ᠎ᠠ ᠡᠷᠭᠢᠯᠡᠵᠦ᠂ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠲᠥᠰᠦᠯ ᠤᠨ ᠶᠣᠰᠣᠭᠠᠷ᠂ ᠠᠷᠠᠳ ᠤᠨ ᠴᠠᠭᠳᠠᠭ᠎ᠠ᠂ ᠵᠠᠮ ᠬᠠᠷᠢᠯᠴᠠᠭᠠᠨ ᠤ ᠴᠠᠭᠳᠠᠭ᠎ᠠ᠂ ᠭᠠᠯ ᠤᠨᠲᠠᠷᠠᠭᠠᠬᠤ᠂ ᠬᠤᠲᠠ ᠶᠢᠨ ᠬᠠᠮᠢᠶᠠᠷᠤᠯᠲᠠ᠂ ᠡᠮᠴᠢ ᠰᠤᠪᠢᠯᠠᠭᠴᠢ ᠵᠡᠷᠭᠡ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠤᠨ ᠰᠠᠶᠢᠲᠤᠷ ᠬᠡᠷᠡᠭᠯᠡᠵᠦ᠂ ᠭᠡᠨᠡᠳᠲᠡ ᠶᠢᠨ ᠪᠠᠶᠢᠳᠠᠯ ᠳᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠂ ᠬᠤᠷᠠᠯ ᠪᠠ ᠡᠯ᠎ᠡ ᠲᠥᠷᠥᠯ ᠤᠨ ᠠᠵᠢᠯᠯᠠᠭ᠎ᠠ ᠶᠢᠨ ᠤᠷᠤᠭᠰᠢᠲᠠᠶ ᠠᠮᠤᠷ ᠲᠦᠪᠰᠢᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠶᠠᠷ ᠤᠨ ᠡᠳᠦᠷ ᠤᠨ ᠬᠤᠭᠤᠴᠠᠭᠠᠨ ᠤ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠵᠢᠯ ᠠᠯᠤᠰᠯᠠᠭᠰᠠᠨ ᠠᠵᠢᠯᠯᠠᠭ᠎ᠠ᠂ ᠡᠪᠦᠯ ᠤᠨ ᠠᠩᠨᠠᠯ ᠤᠨ ᠪᠠᠶᠠᠷ ᠵᠡᠷᠭᠡ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠪᠠ ᠬᠤᠳᠠᠯᠳᠤᠭᠠᠨ ᠤ ᠲᠠᠯᠠᠪᠤᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠲᠡᠷᠭᠡᠨ ᠥᠷᠲᠡᠭᠡ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠲᠤ ᠴᠠᠭᠳᠠᠭᠠᠨ ᠤ ᠨᠣᠷᠮ᠎ᠠ ᠶᠢ ᠳᠡᠭᠡᠭᠰᠢᠯᠡᠭᠦᠯᠵᠦ᠂ ᠡᠯ᠎ᠡ  ᠦᠢᠯᠡᠳᠪᠦᠷᠢᠯᠡᠯ ᠤᠨ ᠠᠵᠤ ᠠᠬᠤᠶᠢᠯᠠᠯ ᠪᠠᠶᠠᠷ ᠤᠨ ᠡᠳᠦᠷ ᠤᠨ ᠬᠤᠭᠤᠴᠠᠭᠠᠨ ᠳᠤ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠵᠤ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠶᠤᠯᠭᠦᠶ ᠦᠢᠯᠡᠳᠪᠦᠷᠢᠯᠡᠯ ᠢ ᠰᠤᠷᠪᠤᠯᠵᠢᠯᠠᠨ ᠪᠠᠶᠢᠴᠠᠭᠠᠵᠤ᠂ ᠬᠤᠸᠠᠷ ᠫᠤᠤᠵᠢᠩ ᠤᠨ ᠪᠣᠷᠣᠯᠠᠭᠤᠯᠵᠤ ᠬᠠᠳᠠᠭᠠᠯᠠᠬᠤ ᠵᠡᠷᠭᠡ ᠡᠯ᠎ᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃    ᠬᠤᠷᠠᠯ ᠠᠴᠠ ᠱᠠᠭᠠᠷᠳᠠᠭᠰᠠᠨ ᠨᠢ᠂ ᠣᠷᠣᠰᠢᠭᠤᠯᠭ᠎ᠠ ᠶᠢᠨ ᠠᠵᠢᠯ ᠤᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠵᠤ᠂ ᠮᠠᠨ ᠤ ᠬᠤᠰᠢᠭᠤᠨ ᠤ ︽ᠣᠷᠣᠰᠢᠭᠤᠯᠭ᠎ᠠ ᠶᠢᠨ ᠬᠦᠷᠢᠶᠡᠨ ᠳᠠᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠭᠠᠷᠳᠠᠮ ᠢ ᠭᠦᠢᠴᠡᠳᠭᠡᠬᠦ ᠶᠢ ᠱᠠᠯᠠᠪᠳᠠᠨ ᠠᠬᠢᠭᠤᠯᠵᠤ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃    ᠬᠤᠰᠢᠭᠤᠨ ᠤ ᠤᠳᠤᠷᠢᠳᠤᠯᠭ᠎ᠠ ᠯᠢ ᠷᠦᠢ ᠾᠧᠩ᠂ ᠵᠢᠶᠠ ᠶᠢᠨ ᠹᠧᠩ᠂ ᠴᠧᠨ ᠰᠢ ᠯᠧ ᠵᠢᠴᠢ ᠬᠠᠮᠢᠶ᠎ᠠ ᠪᠥᠬᠦᠶ ᠬᠤᠰᠢᠭᠤᠨ ᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号