ᠴᠠᠭᠠᠰᠤᠴᠢ ᠪᠠᠯᠭᠠᠰᠤ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ | ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠬᠤ ᠶᠢᠨ ᠲᠥᠯᠥᠭᠡ᠂ ᠤᠯᠠᠨ ᠠᠷᠭ᠎ᠠ ᠬᠡᠮᠵᠢᠶ᠎ᠡ ᠪᠠᠷ ᠭᠤᠣᠯ | ᠮᠥᠷᠡᠨ ᠨᠠᠭᠤᠷ ᠴᠥᠭᠦᠷᠥᠮ ᠤᠨ ᠡᠳᠦᠷ ᠲᠤᠳᠤᠮ ᠤᠨ ᠲᠣᠭᠤᠷᠢᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ | ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠬᠠᠮᠲᠤᠪᠠᠷ | ᠰᠠᠶᠢᠲᠤᠷ ᠬᠠᠮᠠᠭᠠᠯᠠᠵᠤ᠂ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ︽ᠤᠰᠤ | ᠲᠤᠩᠭᠠᠯᠠᠭ᠂ ᠡᠷᠭᠢ ᠨᠣᠭᠤᠭᠠᠨ᠂ ᠦᠵᠡᠮᠵᠢ ᠰᠠᠶᠢᠬᠠᠨ︾ ᠪᠠᠶᠢᠬᠤ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ | ᠭᠤᠣᠯ ᠴᠠᠭᠳᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠭᠤᠣᠯ ᠮᠥᠷᠡᠨ ᠤ ᠳᠠᠷᠤᠭ᠎ᠠ | ᠪᠠᠶᠢᠴᠠᠭᠠᠬᠤ ᠳᠠᠷᠤᠭ᠎ᠠ︾ ᠶᠢᠨ ᠬᠠᠮᠵᠢᠯᠴᠠᠬᠤ ᠲᠣᠭᠲᠠᠴᠠ ᠳᠤ ᠲᠦᠰᠢᠭᠯᠡᠨ᠂ ᠪᠠᠶᠢᠴᠠᠭᠠᠬᠤ ᠪᠠᠶᠢᠭᠤᠯᠭ᠎ᠠ ᠶᠢᠨ | ᠤᠰᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠬᠢ ᠬᠠᠤᠯᠢ ᠴᠠᠭᠠᠵᠠ ᠶᠢᠨ ᠠᠬᠢᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠤᠰᠤᠨ ᠣᠷᠣᠨ ᠤ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠤᠨ᠎ᠠ᠃ | 12 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦᠶ ᠸᠧᠨ ᠫᠢᠩ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ | ᠶᠦᠨ ᠼᠦᠩ ᠯᠢ ᠪᠣᠯᠤᠨ ᠴᠠᠭᠠᠰᠤᠴᠢ ᠪᠠᠯᠭᠠᠰᠤᠨ ᠤ ᠳᠠᠷᠤᠭ᠎ᠠ ᠯᠢᠶᠠᠩ ᠱᠤ᠋ ᠬᠤᠸᠠ ᠭᠤᠤᠯ ᠴᠠᠭᠳᠠᠬᠤ ᠠᠵᠢᠯ | ᠥᠷᠨᠢᠭᠦᠯᠪᠡ᠃ ᠪᠠᠯᠭᠠᠰᠤᠨ ᠤ ᠳᠣᠲᠣᠷᠠᠬᠢ ᠭᠤᠤᠯ ᠤᠨ ᠵᠠᠮ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠰᠢᠢᠳᠪᠦᠷᠢᠯᠡᠭᠰᠡᠨ ᠵᠢᠴᠢ ᠬᠡᠷ ᠤᠨ ᠲᠡᠵᠢᠭᠡᠪᠤᠷᠢ ᠶᠢᠨ ᠢᠯᠭᠠᠳᠠᠰᠤ ᠶᠢ ᠭᠤᠤᠯ ᠮᠥᠷᠡᠨ ᠳᠤ ᠰᠢᠭᠤᠳ | ᠭᠠᠳᠠᠭᠰᠢᠯᠠᠭᠤᠯᠤᠭᠰᠠᠨ ᠡᠰᠡᠬᠦ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠬᠦ ᠶᠢᠨ ᠬᠠᠮᠲᠤ ᠣᠶᠢᠯᠠᠭᠠᠵᠤ᠂ ᠭᠤᠤᠯ | ᠴᠠᠭᠳᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠬᠠᠷᠢᠶ᠎ᠠ ᠣᠷᠣᠨ ᠳᠤᠨᠢ ᠲᠠᠨᠢᠵᠤ ᠠᠪᠬᠤ ᠠᠷᠭ᠎ᠠ ᠮᠠᠶ᠋ᠢᠭ ᠢ | ᠬᠡᠷᠡᠭᠵᠢᠭᠦᠯᠵᠦ᠂ ᠬᠠᠷᠢᠭᠤᠴᠠᠯᠭ᠎ᠠ ᠡᠭᠦᠷᠭᠡᠯᠡᠭᠴᠢ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ | ᠲᠣᠳᠣᠷᠬᠠᠶᠢᠯᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠠᠪᠤᠴᠠ ᠶᠢ ᠮᠥᠷᠳᠡᠨ ᠰᠢᠮᠳᠠᠭᠤᠯᠵᠤ᠂ ᠭᠤᠤᠯ ᠤᠨ | ᠵᠠᠮ ᠤᠨ ᠠᠰᠠᠭᠤᠳᠠᠯ ᠢ ᠪᠣᠳᠠᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠰᠢᠭᠤᠨ ᠲᠠᠰ ᠤᠨ ᠭᠤᠤᠯ ᠤᠨ ᠳᠠᠷᠤᠭ᠎ᠠ ᠯᠢᠦᠶ ᠸᠧᠨ ᠫᠢᠩ᠄ ᠲᠣᠰ ᠤᠳᠠᠭᠠᠨ ᠤ ᠬᠤᠯᠪᠣᠭᠠᠯᠠᠨ ᠲᠣᠭᠤᠷᠢᠨ | ᠪᠠᠶᠢᠴᠠᠭᠠᠬᠤ ᠠᠵᠢᠯᠯᠠᠭ᠎ᠠ ᠨᠢ ᠲᠠᠷᠠᠭᠠᠴᠢ ᠶᠢᠨ ᠠᠯᠬᠤᠮ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠳᠤ | ᠪᠠᠲᠤ ᠪᠠᠬᠢ ᠰᠠᠭᠤᠷᠢ ᠶᠢ ᠲᠠᠯᠪᠢᠵᠤ᠂ ︽ᠭᠤᠤᠯ ᠤᠨ ᠳᠠᠷᠤᠭ᠎ᠠ ᠪᠠᠶᠢᠴᠠᠭᠠᠬᠤ ᠳᠠᠷᠤᠭ᠎ᠠ︾ ᠶᠢᠨ ᠠᠵᠢᠯ ᠤᠨ | ᠲᠣᠭᠲᠠᠴᠠ ᠶᠢ ᠨᠠᠶᠢᠳᠠᠪᠤᠷᠢᠵᠢᠭᠤᠯᠵᠤ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠢᠯᠡᠷᠡᠯ ᠮᠥᠨ᠂ ᠲᠣᠰ ᠠᠷᠭ᠎ᠠ | ᠬᠡᠮᠵᠢᠶ᠎ᠡ ᠨᠢ ᠪᠠᠰᠠ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠬᠤ ᠳᠤ ᠰᠠᠶᠢᠨ ᠰᠠᠶᠢᠬᠠᠨ ᠲᠣᠬᠢᠶᠠᠯ ᠬᠠᠩᠭᠠᠭᠰᠠᠨ | ᠪᠠᠶᠢᠨ᠎ᠠ᠃ |