ᠪᠠᠢ ᠮᠢᠶᠣᠣ ᠽᠢ ᠪᠠᠯᠭᠠᠰᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/12/27
    ᠬᠤᠸᠠᠷ ᠫᠤᠤᠵᠢᠩ ᠡᠵᠡᠩᠨᠡᠬᠦ᠂ ᠬᠠᠳᠠᠭᠠᠯᠠᠬᠤ ᠵᠡᠷᠭᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ 2024 ᠣᠨ ᠤ 12 ᠰᠠᠷ᠎ᠠ ᠶᠢᠨ 25 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ  ᠴᠠᠩ ᠬᠠᠶ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠯᠪᠠᠨ ᠬᠡᠷ ᠤᠨ ᠺᠠᠳ᠋ᠷᠴᠤᠳ ᠪᠠᠯᠭᠠᠰᠤᠨ ᠤ ᠳᠣᠲᠣᠷᠠᠬᠢ ᠬᠤᠸᠠᠷ ᠫᠤᠤᠵᠢᠩ ᠤᠨ ᠠᠵᠤ ᠠᠬᠤᠶᠢᠯᠠᠯ ᠳᠤ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠬᠢᠪᠠ᠃    ᠪᠠᠶᠢᠴᠠᠭᠠᠬᠤ ᠠᠵᠢᠯᠲᠠᠨ ᠡᠵᠡᠩᠨᠡᠯᠲᠡ ᠶᠢᠨ ᠬᠢᠷᠢ ᠬᠡᠮ᠂ ᠬᠤᠸᠠᠷ ᠫᠤᠤᠵᠢᠩ ᠤᠨ ᠲᠡᠭᠡᠭᠡᠪᠦᠷᠢ ᠶᠢᠨ ᠬᠠᠮᠢᠶᠠᠷᠤᠯᠲᠠ ᠂ ᠬᠠᠳᠠᠭᠠᠯᠠᠬᠤ ᠨᠥᠬᠦᠴᠡᠯ᠂ ᠣᠷᠣᠭᠤᠯᠵᠤ ᠪᠣᠷᠣᠯᠠᠭᠤᠯᠬᠤ ᠪᠠᠷᠠᠭᠠᠨ ᠤ ᠡᠬᠡ ᠲᠠᠩᠰᠠ ᠶᠢᠨ ᠬᠠᠮᠢᠶᠠᠷᠤᠯᠲᠠ᠂ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠬᠤ ᠵᠡᠷᠭᠡ ᠲᠠᠯ᠎ᠠ ᠶᠢᠨ ᠪᠠᠶᠢᠳᠠᠯ ᠤᠨ ᠲᠣᠭᠤᠷᠢᠨ ᠳᠤ᠂ ᠡᠯ᠎ᠡ ᠬᠤᠸᠠᠷ ᠫᠤᠤᠵᠢᠩ ᠤᠨ ᠡᠵᠡᠩᠨᠡᠯᠲᠡ ᠶᠢᠨ ᠨᠢᠭᠡᠴᠡ ᠳᠤ ᠪᠦᠬᠦᠨ ᠢ ᠬᠠᠮᠤᠷᠤᠭᠰᠠᠨ ᠬᠢᠨᠠᠯᠲᠠ ᠪᠠᠶᠢᠴᠠᠭᠠᠯᠲᠠ ᠬᠢᠪᠡ᠃ ᠬᠤᠸᠠᠷ ᠫᠤᠤᠵᠢᠩ ᠲᠡᠭᠡᠭᠡᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠪᠣᠷᠣᠯᠠᠭᠤᠯᠬᠤ ᠵᠡᠷᠭᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠭᠡᠮ ᠤᠨ ᠴᠡᠭ ᠢ ᠡᠷᠢᠵᠦ᠂ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠵᠢᠷᠤᠮᠵᠢᠭᠰᠠᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠬᠠᠳᠠᠭᠠᠯᠠᠬᠤ᠂ ᠲᠡᠭᠡᠭᠡᠪᠦᠷᠢᠯᠡᠬᠦ᠂ ᠵᠢᠵᠢᠭᠯᠡᠨ ᠬᠤᠳᠠᠯᠳᠤᠬᠤ︾ ᠪᠥᠬᠦ ᠶᠠᠪᠤᠴᠠ ᠶᠢᠨ ᠠᠮᠤᠷ ᠲᠦᠪᠰᠢᠨ ᠢ ᠴᠢᠷᠮᠠᠶᠢᠨ ᠠᠬᠢᠭᠤᠯᠵᠤ᠂ ᠬᠤᠸᠠᠷ ᠫᠤᠤᠵᠢᠩ ᠤᠨ ᠡᠵᠡᠩᠨᠡᠯᠲᠡ ᠶᠢᠨ ᠠᠳᠡᠯ ᠭᠠᠷᠬᠤ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ᠎ᠡ᠃ ᠡᠭᠦᠨ ᠤ ᠬᠠᠮᠲᠤ᠂ ᠠᠵᠢᠯᠲᠠᠳ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠵᠦ᠂ ᠬᠤᠸᠠᠷ ᠫᠤᠤᠵᠢᠩ ᠤᠨ ᠲᠠᠯᠠᠪᠤᠷ ᠤᠨ ᠬᠠᠷᠢᠭᠤᠴᠠᠯᠭᠠᠲᠠᠨ ᠵᠢᠴᠢ ᠠᠵᠢᠯᠲᠠᠳ ᠲᠤ ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠪᠠ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠬᠠᠤᠯᠢ ᠶᠣᠰᠣᠭᠠᠷ᠂ ᠪᠣᠯᠪᠠᠰᠤᠨ᠂ ᠠᠮᠤᠷ ᠲᠦᠪᠰᠢᠨ ᠢᠶᠠᠷ ᠬᠤᠸᠠᠷ ᠫᠤᠤᠵᠢᠩ ᠲᠠᠯᠪᠢᠬᠤ ᠶᠢ ᠰᠠᠨᠠᠭᠠᠴᠢᠯᠠᠪᠠ᠃    ᠳᠠᠷᠠᠭᠠᠴᠢ ᠶᠢᠨ ᠠᠯᠬᠤᠮ ᠳᠤ᠂ ᠪᠠᠢ ᠮᠢᠶᠣᠣ ᠽᠢ ᠪᠠᠯᠭᠠᠰᠤ ᠬᠤᠸᠠᠷ ᠫᠤᠤᠵᠢᠩ ᠤᠨ ᠲᠤᠰᠬᠠᠢ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠬᠤᠸᠠᠷ ᠫᠤᠤᠵᠢᠩ ᠤᠨ ᠠᠵᠤ ᠠᠬᠤᠶᠢᠯᠠᠯ᠂ ᠵᠢᠵᠢᠭᠯᠡᠨ ᠬᠤᠳᠠᠯᠳᠤᠬᠤ ᠲᠠᠯᠠᠪᠤᠷ ᠲᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠤᠸᠠᠷ ᠫᠤᠤᠵᠢᠩ ᠤᠨ ᠡᠵᠡᠩᠨᠡᠯᠲᠡ᠂ ᠲᠡᠭᠡᠭᠡᠪᠦᠷᠢ᠂ ᠫᠤᠤᠵᠢᠩ ᠲᠠᠯᠪᠢᠬᠤ ᠪᠠ ᠦᠢᠯᠡᠳᠬᠦᠨ ᠤ ᠶᠠᠰᠤ ᠴᠢᠨᠠᠷ ᠤᠨ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠠᠤᠯᠢ ᠪᠤᠰᠤ ᠪᠠᠷ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠠᠢ ᠮᠢᠶᠣᠣ ᠽᠢ ᠪᠠᠯᠭᠠᠰᠤᠨ ᠤ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃
 
ᠢᠷᠡᠯᠲᠡ᠄ ᠪᠠᠶ ᠮᠢᠶᠣᠣ ᠽᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号