ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠶᠠᠩ ᠶᠦᠩ ᠮᠧᠶ᠂ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠶᠢᠨ ᠣᠷᠴᠢᠨ ᠲᠣᠭᠤᠷᠢᠨ ᠤ | ᠰᠠᠯᠠᠭᠠᠨ ᠤ ᠳᠠᠷᠤᠭ᠎ᠠ ᠵᠠᠩ ᠸᠧᠶ᠂ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠢᠨᠠᠨ | ᠡᠵᠡᠮᠳᠡᠬᠦ ᠲᠥᠪ ᠤᠨ ᠡᠷᠬᠢᠯᠡᠭᠴᠢ ᠯᠢ ᠰᠢᠶᠤᠤ ᠢᠦᠶ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | | | | | ᠬᠠᠮᠢᠶᠠᠷᠤᠭᠴᠢ ᠄ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠠ | ᠬᠥᠬᠡᠬᠤᠲᠠ ᠶᠢᠨ ᠵᠠᠮ ᠬᠠᠷᠢᠯᠴᠠᠭ᠎ᠠ ᠷᠠᠳᠢᠣ᠋ ᠨᠡᠪᠲᠡᠷᠡᠭᠦᠯᠭᠡ ᠲᠠᠢ ᠬᠠᠮᠲᠤ ᠪᠠᠷ ᠶᠠᠪᠤᠭᠳᠠᠭᠰᠠᠨ ᠲᠤᠰᠬᠠᠶ | ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠨ ᠬᠦᠨᠳᠦᠲᠦ | ᠵᠣᠴᠢᠳ ᠲᠠᠢ ᠬᠠᠷᠢᠯᠴᠠᠵᠤ ᠪᠤᠯᠤᠨ᠎ᠠ᠂ ᠲᠠ ᠪᠦᠬᠦᠨ ᠤ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ | ᠃ | | | ᠬᠦᠲᠦᠯᠦᠭᠴᠢ ᠄ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ︽ | ᠲᠣᠭᠲᠠᠭᠠᠯ︾ ᠳᠤ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠦᠨ ᠬᠢᠭᠡᠳ ᠪᠠᠶᠢᠭᠠᠯᠢ ᠶᠢᠨ | ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠃ ᠡᠷᠬᠡᠪᠰᠢ ᠠᠮᠢ ᠠᠬᠤᠢ ᠶᠢᠨ ᠪᠣᠯᠪᠠᠰᠤᠨ ᠤ | ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠵᠤ᠂ | ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠲᠦᠷᠭᠡᠳᠬᠡᠨ ᠲᠡᠭᠦᠯᠳᠡᠷᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠡᠳ᠋ ᠤᠨ ᠵᠠᠰᠠᠭ ᠨᠢ ᠤᠯᠤᠰ ᠤᠨ ᠵᠠᠰᠠᠯᠲᠠ ᠶᠢᠨ ᠰᠠᠭᠤᠷᠢ ᠪᠠ ᠴᠢᠬᠤᠯᠠ ᠲᠤᠯᠭᠠᠭᠤᠷᠢ ᠪᠣᠯᠤᠭᠰᠠᠨ ᠤ ᠬᠤᠪᠢ ᠳᠤ᠂ | ᠮᠠᠨ ᠤ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠮᠢ ᠠᠬᠤᠢ ᠶᠢᠨ ᠬᠠᠮᠠᠭᠠᠯᠠᠯᠲᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ | ᠬᠠᠮᠠᠭᠠᠯᠠᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ | ᠴᠢᠷᠮᠠᠶᠢᠨ ᠦᠢᠯᠡᠳᠦᠯᠭᠡᠵᠢᠭᠦᠯᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ | ᠂ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ᠂ ᠤᠰᠤᠨ ᠴᠣᠭᠴᠠ ᠶᠢ ᠵᠠᠰᠠᠬᠤ᠂ ᠪᠣᠬᠢᠷᠲᠤᠯ ᠢ ᠴᠡᠭᠴᠡᠯᠡᠨ ᠵᠠᠰᠠᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ | ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠬᠥᠬᠡᠮᠳᠦᠭ ᠨᠣᠭᠤᠭᠠᠨ ᠣᠷᠣᠰᠢᠨ | ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠤᠢ ᠪᠣᠯᠭᠠᠪᠠ᠃ ᠥᠨᠥᠳᠦᠷ ᠤᠨ ᠫᠷᠤᠭ᠍ᠷᠠᠮ ᠳᠤ᠂ ᠪᠢᠳᠡ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠠᠩ | ᠶᠦᠩ ᠮᠧᠢ᠂ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭᠠᠨ ᠤ ᠳᠠᠷᠤᠭ᠎ᠠ | ᠵᠠᠩ ᠸᠧᠢ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠬᠢᠨᠠᠨ ᠡᠵᠡᠮᠳᠡᠬᠦ ᠲᠥᠪ ᠤᠨ | ᠡᠷᠬᠢᠯᠡᠭᠴᠢ ᠯᠢ ᠰᠢᠶᠤᠤ ᠢᠦᠶ ᠶᠢ ᠣᠨᠴᠠᠭᠠᠶᠢᠯᠠᠨ ᠤᠷᠢᠵᠤ᠂ ︽ᠡᠳ᠋ ᠤᠨ ᠵᠠᠰᠠᠭ ᠤᠨ ᠲᠤᠯᠭᠠᠭᠤᠷᠢᠯᠠᠯ ᠬᠦᠴᠦᠨ ᠢ | ᠴᠢᠩᠭᠠᠳᠬᠠᠵᠤ᠂ ᠠᠮᠢ ᠠᠬᠤᠢ ᠶᠢᠨ ᠰᠠᠭᠤᠷᠢ ᠶᠢ ᠪᠠᠬᠢᠵᠢᠬᠦᠯᠬᠦ︾ ᠲᠣᠭᠤᠷᠢᠨ ᠳᠤ ᠤᠯᠠᠨ ᠲᠠᠢ ᠰᠦᠯᠵᠢᠶᠡᠨ | ᠳᠡᠭᠡᠷ᠎ᠡ ᠰᠠᠨᠠᠯ ᠢᠶᠠᠨ ᠰᠣᠯᠢᠯᠴᠠᠪᠠ᠃ | | ᠬᠦᠲᠦᠯᠦᠭᠴᠢ᠄ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠢᠮᠠᠭᠲᠠ ᠳᠡᠭᠡᠳᠦ ᠬᠡᠮᠵᠢᠶ᠎ᠡ ᠪᠠᠷ ᠠᠩᠬᠠᠷᠴᠤ᠂ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠳᠠᠭᠠᠨ ᠬᠠᠮᠤᠭ ᠤᠨ ᠤᠯᠠᠨ᠂ ᠥᠭᠦᠯᠡᠯᠲᠡ ᠬᠠᠮᠤᠭ ᠤᠨ ᠤᠯᠠᠨ᠂ ᠪᠠᠶᠢᠷᠢᠯᠠᠭᠤᠯᠤᠯᠲᠠ | ᠬᠠᠮᠤᠭ ᠤᠨ ᠠᠷᠪᠢᠨ ᠨᠢ ᠳᠠᠷᠤᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ᠎ᠠ᠃ ᠲᠡᠭᠡᠪᠡᠯ | ᠥᠩᠭᠡᠷᠡᠭᠰᠡᠨ ᠨᠢᠭᠡ ᠵᠢᠯ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠦᠵᠡᠰᠬᠦᠯᠡᠩᠲᠦ ᠰᠠᠶᠢᠬᠠᠨ | ᠲᠥᠪ ᠬᠤᠲᠠ ᠶᠢ ᠪᠦᠲᠦᠭᠡᠨ ᠪᠠᠶᠢᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ᠂ ᠠᠮᠢ ᠠᠬᠤᠢ ᠶᠢᠨ ᠬᠠᠮᠠᠭᠠᠯᠠᠯᠲᠠ ᠶᠢ ᠲᠡᠭᠦᠯᠳᠡᠷᠵᠢᠭᠦᠯᠬᠦ ᠲᠠᠯ᠎ᠠ ᠪᠠᠷ ᠶᠠᠮᠠᠷ ᠶᠠᠮᠠᠷ | ᠭᠤᠣᠯᠳᠠᠯᠭ᠎ᠠ ᠲᠠᠢ ᠠᠵᠢᠯ ᠢ ᠬᠢᠵᠦ᠂ ᠶᠠᠮᠠᠷ ᠶᠠᠮᠠᠷ ᠪᠣᠳᠠᠲᠤ ᠦᠷ᠎ᠡ ᠪᠦᠲᠦᠮᠵᠢ ᠣᠯᠣᠭᠰᠠᠨ ᠪᠤᠢ︖ | | | ᠵᠤᠴᠢᠨ᠄ ᠶᠠᠩ ᠶᠦᠩ ᠮᠧᠶ— | 2024 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠵᠠᠩᠭᠢᠯᠠᠭ᠎ᠠ ᠶᠢᠨ | ᠵᠢᠯ ᠪᠣᠯᠤᠨ᠎ᠠ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠵᠤ᠂ ᠨᠠᠮ ᠤᠨ ᠲᠥᠪ ᠬᠤᠷᠢᠶ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠲᠤᠬᠠᠢ ᠰᠠᠨᠠᠯ︾ ᠤᠨ | ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠬᠤᠳᠠ ᠶᠢᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠭᠦᠨᠵᠡᠭᠡᠢ ᠰᠠᠶᠢᠲᠤᠷ | ᠬᠢᠵᠦ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ᠂ ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ ᠮᠥᠨ ᠭᠡᠬᠦ ᠠᠮᠢ ᠠᠬᠤᠢ ᠶᠢᠨ ᠣᠶᠢᠯᠠᠭᠠᠭᠳᠠᠬᠤᠨ ᠤ | ᠳᠠᠭᠠᠭᠤᠯᠭ᠎ᠠ ᠳᠣᠣᠷ᠎ᠠ᠂ ᠡᠳ᠋ ᠤᠨ ᠵᠠᠰᠠᠭ ᠤᠨ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠣᠷᠣᠨ ᠤ ᠲᠥᠪ | ᠬᠤᠲᠠ ᠶᠢᠨ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ | ᠥᠷᠭᠡᠳᠬᠡᠬᠦ᠂ ᠨᠡᠮᠡᠭᠳᠡᠯ ᠢ ᠬᠠᠮᠵᠢᠯᠴᠠᠭᠤᠯᠤᠨ ᠠᠬᠢᠭᠤᠯᠬᠤ ᠳᠤ ᠬᠦᠴᠦᠨ ᠨᠡᠮᠡᠷᠢᠯᠡᠵᠦ᠂ ᠣᠷᠣᠨ ᠤ ᠲᠥᠪ | ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠨᠢᠭᠡ ᠳᠤ᠂ ᠠᠭᠤᠷ ᠠᠮᠢᠰᠬᠤᠯ ᠢ ᠬᠦᠴᠦᠯᠡᠨ ᠵᠠᠰᠠᠨ᠎ᠠ᠃ 2022 | ᠣᠨ ᠳᠤ ᠮᠠᠨ ᠤ ᠬᠤᠲᠠ ᠤᠮᠠᠷᠠᠲᠤ ᠣᠷᠣᠨ ᠤ ᠴᠡᠪᠡᠷ ᠳᠤᠯᠠᠭᠠᠯᠠᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ | ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠲᠥᠪ ᠤᠨ 21 ᠳ᠋ᠦᠩᠰᠢᠭᠤᠷ ᠲᠥᠭᠦᠷᠢᠭ ᠤᠨ ᠲᠤᠰᠬᠠᠶ ᠪᠠᠯᠠ | ᠮᠥᠩᠭᠦ ᠶᠢ ᠴᠢᠷᠮᠠᠶᠢᠨ ᠣᠯᠵᠤ᠂ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠨᠢ ᠨᠡᠶᠢᠲᠡ ᠭᠤᠷᠪᠠᠨ ᠵᠢᠯ | ᠪᠣᠯᠤᠨ᠎ᠠ᠂ ᠡᠨᠡ ᠵᠢᠯ ᠪᠣᠯ ᠡᠴᠦᠰ ᠤᠨ ᠨᠢᠭᠡ ᠵᠢᠯ ᠪᠠᠶᠢᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠯᠠ ᠮᠥᠩᠭᠦ ᠶᠢᠨ | ᠲᠣᠬᠢᠷᠠᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠬᠡᠷᠡᠭᠴᠡᠭᠡ ᠶᠢ ᠪᠠᠲᠤᠯᠠᠪᠠ᠃ ᠬᠤᠰᠢᠭᠤ ᠰᠢᠶᠠᠨ ᠲᠣᠭᠤᠷᠢᠭ ᠤᠨ ᠵᠠᠷᠤᠯᠭ᠎ᠠ ᠶᠢᠨ ᠳᠠᠷᠤᠯᠲᠠ ᠶᠢ ᠨᠠᠮᠳᠠᠭᠤᠯᠵᠤ᠂ | ᠲᠥᠷᠥᠯ ᠵᠦᠢᠯ ᠤᠨ ᠪᠠᠯᠠ ᠮᠥᠩᠭᠦ ᠶᠢᠨ ᠵᠠᠷᠤᠯᠭ᠎ᠠ ᠶᠢᠨ ᠠᠬᠢᠴᠠ ᠶᠢ ᠲᠦᠷᠭᠡᠳᠬᠡᠬᠦ ᠶᠢᠨ ᠲᠥᠯᠥᠭᠡ᠂ ᠬᠠᠮᠢᠶ᠎ᠠ | ᠪᠥᠬᠦᠶ ᠰᠠᠯᠠᠭ᠎ᠠ ᠮᠥᠴᠢᠷ ᠲᠠᠢ ᠳᠠᠬᠢᠨ ᠳᠠᠪᠲᠠᠨ ᠰᠤᠳᠤᠯᠤᠨ ᠵᠥᠪᠳᠡᠯᠴᠡᠬᠦ ᠪᠠᠷ ᠳᠡᠮᠵᠢᠨ᠂ ᠬᠤᠲᠠ ᠶᠢᠨ ᠵᠠᠰᠠᠭ ᠤᠨ | ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠲᠠᠰ ᠳᠡᠪᠰᠢᠭᠦᠯᠦᠨ ᠲᠣᠭᠠᠴᠠᠭ᠎ᠠ ᠬᠢᠬᠦ ᠠᠷᠭ᠎ᠠ | ᠮᠠᠶ᠋ᠢᠭ ᠢ ᠠᠪᠴᠤ ᠬᠤᠲᠠ ᠶᠢᠨ ᠲᠣᠰ ᠱᠠᠲᠤᠨ ᠠᠴᠠ ᠲᠥᠷᠥᠯ ᠵᠦᠢᠯ ᠤᠨ ᠲᠥᠪ ᠤᠨ ᠨᠥᠬᠦᠪᠥᠷᠢ ᠪᠠᠯᠠ ᠮᠥᠩᠭᠦ ᠶᠢ | ᠪᠠᠷᠢᠯᠭ᠎ᠠ ᠶᠢᠨ ᠠᠵᠤ ᠠᠬᠤᠶᠢᠯᠠᠯ ᠳᠤ ᠰᠢᠭᠤᠳ ᠥᠭᠴᠦ᠂ ᠳᠤᠮᠳᠠᠬᠢ ᠭᠤᠭᠴᠤᠭ᠎ᠠ ᠶᠢ ᠪᠠᠭᠠᠰᠬᠠᠨ᠂ 2024 | ᠣᠨ ᠳᠤ ᠲᠣᠰ ᠲᠥᠷᠥᠯ ᠵᠦᠢᠯ ᠤᠨ ᠲᠠᠰ ᠳᠡᠪᠰᠢᠭᠦᠯᠦᠨ ᠲᠣᠭᠠᠴᠠᠭ᠎ᠠ ᠬᠢᠬᠦ ᠶᠢ ᠨᠡᠶᠢᠲᠡ 3.5 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠲᠣᠰ ᠵᠢᠯ ᠤᠨ ᠵᠠᠷᠤᠯᠭ᠎ᠠ ᠶᠢᠨ ᠠᠬᠢᠴᠠ ᠶᠢ 60 % ᠳᠤ ᠬᠦᠷᠦᠭᠦᠯᠵᠦ᠂ ᠲᠥᠷᠥᠯ | ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠪᠠ᠃ ᠣᠳᠣᠬᠠᠨ ᠪᠣᠯᠲᠠᠯ᠎ᠠ᠂ ᠬᠡᠷᠡᠭᠵᠢᠭᠦᠯᠬᠦ ᠪᠠᠷ | ᠲᠥᠯᠥᠪᠯᠡᠵᠦ ᠪᠠᠶᠢᠭ᠎ᠠ 49 ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠨᠢᠭᠡᠨᠲᠡ ᠪᠦᠬᠦᠨ ᠢ ᠳᠠᠭᠤᠰᠬᠠᠵᠤ᠂ | ᠨᠡᠶᠢᠲᠡ 7441 ᠲᠦᠮᠡᠨ ᠺᠦᠸ᠋ᠲ ᠮᠧᠲᠷ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ 53. | 6 ᠲᠦᠮᠡᠨ ᠡᠷᠦᠬᠡ ᠳᠤ ᠠᠰᠢᠭ ᠬᠦᠷᠲᠡᠭᠡᠵᠦ᠂ ᠣᠯᠠᠨ ᠲᠦᠮᠡᠨ ᠤ ︽ᠵᠢᠷᠦᠬᠡ ᠠᠭᠤᠰᠬᠢᠨ ᠤ ᠠᠶᠤᠯ︾ ᠢ | ᠰᠢᠢᠳᠪᠦᠷᠢᠯᠡᠬᠦ ᠳᠤ ᠦᠨᠡᠨ ᠬᠦ ᠬᠦᠴᠦᠨ ᠨᠡᠮᠡᠷᠢᠯᠡᠪᠡ᠃ ᠬᠤᠶᠠᠷ ᠲᠤ᠂ ᠪᠦᠬᠦ ᠬᠦᠴᠦᠨ ᠢᠶᠠᠷ ᠢᠶᠠᠨ ᠤᠰᠤ ᠶᠢ | ᠬᠠᠮᠠᠭᠠᠯᠠᠨ᠎ᠠ᠃2024 ᠣᠨ ᠳᠤ ᠲᠥᠪ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠢ ᠪᠡᠯᠡ | ᠮᠥᠩᠭᠦ 3897 ᠲᠦᠮᠡᠨ ᠲᠥᠭᠦᠷᠢᠭ᠂ ᠬᠤᠳᠠ ᠶᠢᠨ ᠬᠤᠭᠤᠯᠠᠢ ᠲᠣᠣᠷ ᠵᠢᠴᠢ ᠪᠣᠬᠢᠷ ᠤᠰᠤ ᠶᠢ ᠰᠢᠢᠳᠪᠦᠷᠢᠯᠡᠬᠦ | ᠲᠤᠰᠬᠠᠢ ᠪᠡᠯᠡ ᠮᠥᠩᠭᠦ 60740 ᠲᠦᠮᠡᠨ ᠲᠥᠭᠦᠷᠢᠭ ᠢ ᠴᠢᠷᠮᠠᠶᠢᠨ ᠣᠯᠵᠤ᠂ ᠪᠣᠬᠢᠷ ᠤᠰᠤ ᠶᠢ ᠵᠠᠰᠠᠬᠤ᠂ ᠪᠣᠬᠢᠷ | ᠦᠮᠡᠬᠡᠶ ᠤᠰᠤᠨ ᠴᠣᠭᠴᠠ ᠶᠢ ᠵᠠᠰᠠᠬᠤ᠂ ᠭᠤᠣᠯᠳᠠᠯᠭ᠎ᠠ ᠲᠠᠢ ᠰᠠᠪᠠ ᠭᠠᠵᠠᠷ ᠤᠨ ᠰᠠᠶᠢᠨ ᠰᠠᠶᠢᠬᠠᠨ ᠤᠰᠤᠨ | ᠴᠣᠭᠴᠠ ᠶᠢ ᠬᠠᠮᠠᠭᠠᠯᠠᠬᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠪᠣᠯᠣᠨ ᠭᠠᠵᠠᠷ ᠳᠣᠣᠷᠠᠬᠢ | ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠠᠵᠢᠯ ᠢ ᠥᠷᠨᠢᠭᠦᠯᠬᠦ ᠳᠤ ᠬᠡᠷᠡᠭᠯᠡᠨ᠎ᠡ᠃ ᠥᠪᠡᠷᠲᠡᠭᠡᠨ | ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢᠨ ᠲᠥᠷᠥᠯ ᠵᠦᠢᠯ ᠤᠨ ᠪᠠᠯᠠ ᠮᠥᠩᠭᠦ ᠶᠢ 5000 ᠲᠦᠮᠡᠨ ᠲᠥᠭᠦᠷᠢᠭ ᠴᠢᠷᠮᠠᠶᠢᠨ ᠣᠯᠵᠤ᠂ | ᠬᠤᠷᠢᠨᠭᠡᠷ ᠰᠢᠶᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠠᠵᠠᠷ ᠳᠣᠤᠷᠠᠬᠢ ᠬᠤᠭᠤᠯᠠᠶ ᠲᠣᠤᠷ ᠤᠨ | ᠰᠠᠭᠤᠷᠢ ᠪᠡᠯᠡᠳᠬᠡᠮᠵᠢ ᠶᠢᠨ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠡᠮᠵᠢᠬᠦ ᠳᠤ | ᠬᠡᠷᠡᠭᠯᠡᠵᠦ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠠᠵᠤ ᠦᠢᠯᠡᠳᠪᠦᠷᠢ ᠶᠢᠨ ᠳᠠᠬᠢᠯᠲᠠ ᠤᠰᠤᠨ ᠤ | ᠠᠰᠢᠭᠯᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠠᠷᠢᠶᠠᠯᠠᠩ ᠪᠠ ᠬᠤᠲᠠ ᠶᠢᠨ ᠪᠥᠲᠥᠭᠡᠨ | ᠪᠠᠶᠢᠭᠤᠯᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ ᠠᠷᠠᠴᠢᠯᠠᠯᠲᠠ ᠵᠡᠷᠭᠡ ᠤᠰᠤ ᠬᠡᠷᠡᠭᠯᠡᠬᠦ ᠲᠣᠪᠤᠶᠢᠮ᠎ᠠ | ᠵᠥᠷᠢᠴᠡᠯ ᠢ ᠶᠡᠭᠡ ᠪᠠᠷ ᠨᠠᠮᠳᠠᠭᠤᠯᠵᠤ᠂ ᠭᠠᠵᠠᠷ ᠳᠣᠤᠷᠠᠬᠢ ᠤᠰᠤᠨ ᠲᠦᠪᠰᠢᠨ ᠦᠷᠭᠦᠯᠵᠢᠯᠡᠨ ᠪᠠᠭᠤᠷᠠᠬᠤ ᠪᠠᠶᠢᠳᠠᠯ ᠢ | ᠰᠠᠶᠢᠵᠢᠷᠠᠭᠤᠯᠵᠤ᠂ ᠠᠷᠠᠳ ᠣᠯᠠᠨ ᠤ ᠤᠰᠤ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠪᠠ᠃ ᠭᠤᠷᠪᠠ ᠳᠤ᠂ | ᠶᠡᠭᠡ ᠪᠠᠷ ᠨᠣᠭᠤᠭᠠᠷᠠᠭᠤᠯᠵᠤ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠪᠡ᠃ ᠪᠢᠳᠡ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠬᠤᠲᠠ ᠶᠢᠨ ᠨᠣᠭᠤᠭᠠᠷᠠᠭᠤᠯᠤᠯᠲᠠ ᠶᠢ ᠭᠤᠤᠯᠳᠠᠯᠭ᠎ᠠ ᠲᠠᠢ ᠳᠡᠮᠵᠢᠵᠦ | ᠂ 2024 ᠣᠨ ᠳᠤ ᠬᠤᠲᠠ ᠶᠢᠨ ᠲᠣᠰ ᠱᠠᠲᠤᠨ ᠤ ᠣᠶ ᠰᠢᠭᠤᠶ ᠡᠪᠡᠰᠦ ᠪᠡᠯᠴᠢᠭᠡᠷ ᠤᠨ ᠪᠥᠲᠥᠭᠡᠨ ᠪᠠᠶᠢᠭᠤᠯᠤᠯᠲᠠ | ᠪᠠ ᠴᠡᠴᠡᠷᠯᠢᠭ ᠤᠨ ᠨᠣᠭᠤᠭᠠᠷᠠᠭᠤᠯᠤᠯᠲᠠ ᠶᠢ 5 ᠳ᠋ᠦᠩᠰᠢᠭᠤᠷ ᠲᠥᠭᠦᠷᠢᠭ ᠰᠠᠯᠭᠠᠨ ᠥᠭᠴᠦ᠂ ᠲᠥᠪ ᠪᠠ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠤᠰᠬᠠᠶ ᠨᠥᠬᠦᠪᠥᠷᠢ ᠶᠢᠨ ᠪᠠᠯᠠ ᠮᠥᠩᠭᠦ ᠶᠢ | 5.39 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠲᠥᠪ ᠬᠤᠲᠠ ᠶᠢᠨ ᠥᠩᠭᠡ ᠦᠵᠡᠮᠵᠢ ᠶᠢ ᠳᠡᠭᠡᠭᠰᠢᠯᠡᠭᠦᠯᠬᠦ᠂ | ᠨᠣᠮᠢᠨ ᠨᠣᠭᠤᠭᠠᠨ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ ᠪᠠᠯᠠ | ᠮᠥᠩᠭᠦ ᠶᠢᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ︽ᠦᠵᠡᠰᠬᠦᠯᠡᠩᠲᠦ ᠰᠠᠶᠢᠬᠠᠨ ᠬᠥᠬᠡᠬᠤᠲᠠ᠂ ᠥᠨᠢᠷ | ᠪᠠᠶᠠᠯᠢᠭ ᠲᠠᠯ᠎ᠠ ᠶᠢᠨ ᠬᠤᠲᠠ︾ ᠭᠡᠬᠦ ᠡᠨᠡ ᠬᠦ ᠲᠥᠪ ᠬᠤᠲᠠ ᠶᠢᠨ ᠨᠡᠷ᠎ᠡ ᠶᠢᠨ ᠬᠠᠭᠤᠳᠠᠰᠤ ᠶᠢ ᠨᠠᠩ | ᠦᠵᠡᠰᠬᠦᠯᠡᠩᠲᠦ ᠰᠠᠶᠢᠬᠠᠨ ᠪᠣᠯᠭᠠᠪᠠ᠃ | | | ᠬᠦᠲᠦᠯᠦᠭᠴᠢ᠄ | ᠮᠠᠨ ᠤ ᠬᠤᠲᠠ ᠶᠢᠨ ᠡᠳ᠋ ᠤᠨ ᠵᠠᠰᠠᠭ ᠠᠮᠢ ᠠᠬᠤᠢ ᠶᠢᠨ ᠠᠮᠤᠷ ᠲᠦᠪᠰᠢᠨ ᠤ ᠲᠠᠯ᠎ᠠ ᠪᠠᠷ ᠶᠡᠭᠡ ᠬᠡᠮᠵᠢᠶᠡᠨ ᠤ | ᠰᠢᠰᠲ᠋ᠧᠮ ᠲᠠᠢ ᠠᠵᠢᠯ ᠬᠢᠭᠰᠡᠨ ᠢ ᠣᠯᠵᠤ ᠬᠠᠷᠠᠵᠤ᠂ ᠲᠠᠨᠢᠯᠴᠠᠭᠤᠯᠤᠭᠰᠠᠨ ᠳᠤ ᠲᠠᠯᠠᠷᠬᠠᠵᠤ ᠪᠠᠶᠢᠨ᠎ᠠ᠃ ᠬᠠᠳᠤᠨ | ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ | ᠪᠣᠯ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠡᠭᠦᠷᠭᠡ ᠪᠣᠯᠬᠤ ᠪᠥᠭᠡᠳ ᠥᠪᠥᠷ | ᠮᠣᠩᠭᠤᠯ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠯᠠᠪᠳᠠᠭᠤᠨ ᠪᠠᠲᠤᠲᠠᠢ ᠪᠠᠶᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ | ᠭᠠᠷᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠴᠢᠬᠤᠯᠠ ᠭᠠᠷᠳᠠᠴᠠ ᠪᠠ ᠴᠢᠬᠤᠯᠠ ᠭᠤᠭᠴᠤᠭ᠎ᠠ ᠪᠣᠯᠤᠨ᠎ᠠ᠃ | ᠬᠠᠲᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠵᠦ᠂ ᠬᠤᠲᠠ ᠶᠢᠨ ᠡᠳ᠋ ᠤᠨ ᠵᠠᠰᠠᠭ ᠠᠴᠠ ᠶᠠᠮᠠᠷ ᠶᠠᠮᠠᠷ ᠠᠵᠢᠯ ᠬᠢᠭᠰᠡᠨ ᠪᠣᠢ︖ | | ᠵᠣᠴᠢᠨ᠄ ᠵᠠᠩ ᠸᠧᠢ— | ᠬᠤᠲᠠ ᠶᠢᠨ ᠡᠳ᠋ ᠤᠨ ᠵᠠᠰᠠᠭ ᠭᠤᠤᠯᠳᠠᠭᠤ ᠳᠥᠷᠪᠡᠨ ᠲᠠᠯ᠎ᠠ ᠪᠠᠷ ᠠᠵᠢᠯ ᠢᠶᠠᠨ ᠥᠷᠨᠢᠭᠦᠯᠦᠨ᠎ᠡ᠃ ᠨᠢᠭᠡ ᠳᠤ᠂ | ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠤᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ | ᠪᠠᠶᠢᠭᠤᠯᠤᠨ᠎ᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠷᠠᠯᠲᠠ ᠲᠠᠢ ᠪᠠᠷ ᠬᠦᠴᠦᠨ ᠢᠶᠠᠨ | ᠲᠥᠪᠯᠡᠷᠡᠭᠦᠯᠬᠦ ᠶᠢ ᠪᠠᠷᠢᠮᠲᠠᠯᠠᠵᠤ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢᠶᠠᠨ ᠥᠷᠭᠡᠳᠬᠡᠵᠦ᠂ ᠣᠨᠴᠠ | ᠵᠥᠪᠰᠢᠶᠡᠷᠡᠯ ᠲᠠᠢ ᠡᠵᠡᠩᠨᠡᠬᠦ᠂ ᠪᠡᠶ᠎ᠡ ᠪᠠᠨ ᠳᠠᠭᠠᠭᠠᠵᠤ ᠪᠠᠯᠠ ᠣᠷᠣᠭᠤᠯᠬᠤ᠂ ᠨᠡᠶᠢᠲᠡ ᠶᠢᠨ ᠠᠰᠠᠷᠠᠮᠵᠢ ᠪᠠᠷ | ᠣᠷᠣᠯᠴᠠᠬᠤ ᠵᠡᠷᠭᠡ ᠵᠠᠭᠪᠤᠷ ᠢᠶᠠᠷ ᠳᠠᠮᠵᠢᠭᠤᠯᠤᠨ᠂ ᠨᠡᠶᠢᠭᠡᠮ ᠤᠨ ᠬᠥᠷᠥᠩᠭᠡ ᠶᠢ ᠲᠠᠲᠠᠵᠤ ᠡᠯᠡᠰᠦᠷᠬᠡᠭᠵᠢᠭᠰᠡᠨ ᠭᠠᠵᠠᠷ | ᠰᠢᠷᠣᠶ ᠶᠢ ᠶᠡᠷᠦᠩᠬᠡᠶᠢᠯᠡᠨ ᠵᠠᠰᠠᠬᠤ ᠳᠤ ᠣᠷᠣᠯᠴᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠲᠤ ᠣᠷᠣᠰᠢᠵᠤ | ᠪᠠᠶᠢᠭ᠎ᠠ ᠡᠯᠡᠰᠦᠨ ᠤ ᠬᠡᠮ ᠰᠣᠭᠤᠭ᠂ ᠤᠰᠤᠨ ᠤ ᠬᠡᠮ ᠰᠣᠭᠤᠭ᠂ ᠬᠤᠵᠢᠷᠰᠢᠬᠤ᠂ ᠲᠠᠷᠢᠶᠠᠨ ᠭᠠᠵᠠᠷ ᠤᠨ | ᠬᠠᠯᠬᠠᠪᠴᠢ ᠣᠶ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠭᠤᠤᠯ ᠮᠥᠷᠡᠨ ᠨᠠᠭᠤᠷ | ᠪᠦᠷᠢᠳᠦ ᠨᠤᠭᠤ ᠭᠠᠵᠠᠷ ᠢ ᠬᠠᠮᠠᠭᠠᠯᠠᠬᠤ ᠵᠡᠷᠭᠡ ᠠᠮᠢ ᠠᠬᠤᠶ ᠶᠢᠨ ᠵᠢᠷᠭᠤᠭᠠᠨ ᠶᠡᠭᠡ ᠠᠰᠠᠭᠤᠳᠠᠯ ᠢ | ᠰᠢᠢᠳᠪᠦᠷᠢᠯᠡᠬᠦ ᠲᠠᠢ ᠨᠢᠭᠲᠠ ᠤᠶᠠᠯᠳᠤᠭᠤᠯᠤᠨ᠂ 2024 ᠣᠨ ᠳᠤ ᠨᠡᠶᠢᠲᠡ 17 ᠳ᠋ᠦᠩᠰᠢᠭᠤᠷ ᠲᠥᠭᠦᠷᠢᠭ ᠤᠨ | ᠪᠠᠯᠠ ᠮᠥᠩᠭᠦ ᠴᠤᠭᠯᠠᠭᠤᠯᠵᠤ ᠬᠠᠲᠤᠨ ᠭᠤᠤᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠬᠦ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃ ᠬᠤᠶᠠᠷ ᠲᠤ᠂ ᠰᠠᠯᠠᠭ᠎ᠠ ᠮᠥᠴᠢᠷ ᠤᠨ ᠬᠠᠮᠵᠢᠯᠴᠠᠨ | ᠬᠠᠮᠵᠢᠯᠴᠠᠬᠤ ᠶᠢ ᠴᠢᠩᠭᠠᠳᠬᠠᠵᠤ᠂ ᠲᠦᠷᠦᠯ ᠵᠦᠢᠯ ᠤᠨ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠨ᠎ᠠ᠃ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ | ᠬᠦᠴᠦᠲᠡᠶ ᠠᠬᠢᠭᠤᠯᠬᠤ ᠶᠢᠨ ᠲᠥᠯᠥᠭᠡ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠢᠳᠡᠪᠬᠢᠲᠡᠶ ᠰᠦᠪᠡᠭᠴᠢᠯᠡᠵᠦ᠂ | ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠡᠭᠡᠳᠦ ᠱᠠᠲᠤᠨ ᠤ | ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠪᠠᠯᠠ ᠮᠥᠩᠭᠦ ᠶᠢᠨ ᠳᠡᠮᠵᠢᠯᠭᠡ ᠶᠢ ᠤᠯᠬᠤ ᠪᠠᠷ | ᠴᠢᠷᠮᠠᠶᠢᠨ᠎ᠠ᠃ 2024 ᠣᠨ ᠳᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠢ ᠨᠡᠶᠢᠲᠡ | 18 ᠭᠤᠶᠤᠴᠢᠯᠠᠨ ᠮᠡᠳᠡᠭᠦᠯᠵᠦ᠂ ᠡᠭᠦᠨ ᠳᠤ 6 ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠢᠯ᠂ | 1 ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠢᠯ᠂ 4 ᠬᠥᠳᠡᠭᠡ ᠲᠣᠰᠬᠤᠨ ᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠷᠥᠯ ᠵᠦᠢᠯ᠂ 3 ᠠᠭᠠᠷ ᠮᠠᠨᠳᠠᠯ ᠤᠨ ᠪᠣᠬᠢᠷᠲᠤᠯ ᠤᠨ ᠲᠥᠷᠥᠯ | ᠵᠦᠢᠯ᠂ 2 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠢᠯ᠂ 3 | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠢᠴᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢᠨ ᠲᠥᠷᠥᠯ ᠵᠦᠢᠯ ᠪᠠᠶᠢᠵᠤ᠂ ᠱᠠᠭᠠᠷᠳᠠᠯᠭ᠎ᠠ ᠶᠣᠰᠣᠭᠠᠷ ᠣᠨ ᠤ ᠬᠠᠷᠠᠯᠲᠠ ᠡᠭᠦᠷᠭᠡ ᠪᠠᠨ | ᠪᠡᠶᠡᠯᠡᠭᠦᠯᠪᠡ᠃ ᠭᠤᠷᠪᠠ ᠳᠤ᠂ ︽ᠣᠶᠤᠨ ᠴᠢᠳᠠᠪᠤᠷᠢ︾ ᠶᠢ ᠲᠥᠪᠯᠡᠷᠡᠭᠦᠯᠦᠨ ᠳᠤᠲᠠᠭᠤᠳᠠᠯ ᠢ ᠨᠥᠬᠦᠪᠥᠷᠢᠯᠡᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠣᠯᠭᠤᠬᠤ ᠲᠠᠯ᠎ᠠ ᠪᠠᠷ ︽ᠳᠠᠷᠢᠬᠤ︾ ᠡᠨᠡ ᠬᠦ ᠰᠢᠨ᠎ᠡ | ᠨᠣᠭᠤᠭᠠᠷᠠᠭᠤᠯᠤᠯᠲᠠ ᠬᠢᠨ᠎ᠠ᠃ ᠬᠠᠲᠤᠨ ᠭᠤᠣᠯ ᠤᠨ ᠲᠤᠬᠤᠢ ᠶᠢᠨ ᠪᠣᠭᠤᠮᠲᠠ ᠱᠢᠪᠲᠤᠯᠬᠤ ᠳᠠᠢᠯᠠᠯᠳᠤᠭᠠᠨ ᠤ | ᠢᠯᠠᠯᠲᠠ ᠶᠢ ᠣᠯᠬᠤ ᠶᠢᠨ ᠲᠥᠯᠥᠭᠡ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠬᠦᠴᠦᠨ ᠢᠶᠠᠨ | ᠨᠢᠭᠡᠳᠦᠯᠲᠡᠢ ᠲᠥᠯᠥᠪᠯᠡᠵᠦ᠂ ᠡᠯ᠎ᠡ ᠭᠠᠵᠠᠷ ᠤᠨ ︽ᠣᠶᠤᠨ ᠤ ᠴᠢᠳᠠᠪᠤᠷᠢ︾ ᠠᠴᠠ ᠲᠠᠰᠤᠷᠠᠯᠲᠠ ᠦᠭᠡᠢ ᠶᠠᠰᠤ | ᠴᠢᠨᠠᠷ ᠢ ᠡᠷᠢᠯᠬᠢᠯᠡᠬᠦ ᠶᠢ ᠦᠷᠭᠦᠯᠵᠢᠯᠡᠨ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠠᠴᠠ ᠦᠢᠯᠡᠳᠪᠦᠷᠢᠯᠡᠯ ᠤᠨ | ᠬᠦᠴᠦᠨ ᠣᠯᠵᠤ᠂ ᠤᠮᠠᠷᠠᠲᠤ ᠬᠢᠯᠢ ᠶᠢᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠪᠦᠬᠦ ᠬᠦᠴᠦᠨ ᠢᠶᠠᠷ ᠢᠶᠠᠨ | ᠴᠣᠭᠴᠠᠯᠠᠨ ᠪᠠᠢᠭᠤᠯᠤᠶ᠎ᠠ᠃ ᠣᠶᠢᠷ᠎ᠠ ᠶᠢᠨ ᠵᠢᠯ ᠳᠤ᠂ ᠬᠤᠲᠠ ᠶᠢᠨ ᠲᠣᠰ ᠱᠠᠲᠤᠨ ᠤ ᠲᠥᠰᠦᠪ ᠲᠤ 2500 | ᠲᠦᠮᠡᠨ ᠲᠥᠭᠦᠷᠢᠭ ᠲᠣᠬᠢᠷᠠᠭᠤᠯᠵᠤ᠂ ᠣᠶᠤᠨᠴᠢ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠲᠣᠮᠣ | ᠳ᠋ᠠᠶᠢᠲ᠋ᠠ ᠶᠢᠨ ᠲᠠᠪᠴᠠᠩ ᠢ ᠪᠠᠶᠢᠭᠤᠯᠵᠤ᠂ ᠬᠢᠨᠠᠨ ᠬᠡᠮᠵᠢᠬᠦ ᠲᠥᠬᠦᠭᠡᠷᠦᠮᠵᠢ ᠪᠠᠶᠢᠷᠢᠯᠠᠭᠤᠯᠬᠤ᠂ ᠶᠡᠭᠡ ᠬᠡᠮᠵᠢᠶᠡᠨ ᠤ | ᠲᠤᠭ᠎ᠠ ᠪᠠᠷᠢᠮᠲᠠ ᠶᠢ ᠵᠠᠳᠠᠯᠤᠨ ᠪᠠᠶᠢᠭᠤᠯᠬᠤ ᠪᠠᠷ ᠳᠠᠮᠵᠢᠭᠤᠯᠤᠨ ᠮᠣᠳᠣ ᠲᠠᠷᠢᠬᠤ ᠳᠤ ᠲᠣᠬᠢᠷᠠᠮᠵᠢᠲᠠᠶ ᠪᠣᠯ ᠣᠶ | ᠰᠢᠭᠤᠶ ᠶᠢ ᠰᠡᠷᠭᠦᠭᠡᠬᠦ ᠵᠠᠭᠪᠤᠷ ᠢ ᠪᠠᠶᠢᠭᠤᠯᠵᠤ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠬᠠᠲᠤᠨ ᠭᠤᠣᠯ ᠤᠨ | ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠬᠦᠴᠦᠨ ᠨᠡᠮᠡᠷᠢᠯᠡᠪᠡ᠃ 2050 ᠲᠦᠮᠡᠨ | ᠲᠥᠭᠦᠷᠢᠭ ᠤᠨ ᠪᠡᠯᠡ ᠣᠷᠣᠭᠤᠯᠵᠤ ᠬᠥᠬᠡᠬᠤᠲᠠ ᠣᠷᠣᠨ ᠤ ᠤᠷᠭᠤᠮᠠᠯ ᠤᠨ ᠦᠷ᠎ᠡ ᠡᠳ᠋ ᠤᠨ ᠡᠬᠢ ᠪᠠᠶᠠᠯᠢᠭ ᠤᠨ | ᠬᠥᠮᠥᠷᠭᠡ ᠶᠢᠨ ᠲᠥᠷᠥᠯ ᠵᠦᠢᠯ ᠢ ᠪᠠᠶᠢᠭᠤᠯᠵᠤ᠂ ᠲᠤᠰ ᠲᠥᠷᠥᠯ ᠵᠦᠢᠯ ᠢ ᠴᠤᠭᠯᠠᠭᠤᠯᠵᠤ ᠬᠥᠬᠡᠬᠤᠲᠠ ᠣᠷᠣᠨ ᠤ | ᠡᠯ᠎ᠡ ᠲᠥᠷᠥᠯ ᠤᠨ ᠨᠤᠲᠤᠭ ᠤᠨ ᠤᠷᠭᠤᠮᠠᠯ ᠤᠨ ᠦᠷ᠎ᠡ ᠡᠳ᠋ ᠤᠨ ᠡᠬᠢ ᠪᠠᠶᠠᠯᠢᠭ ᠢ 598 ᠵᠦᠢᠯ᠂ 2287 | ᠬᠤᠪᠢ ᠴᠤᠭᠯᠠᠭᠤᠯᠤᠨ ᠬᠠᠳᠠᠭᠠᠯᠠᠪᠠ᠃ ᠬᠡᠪ ᠵᠠᠭᠪᠤᠷ ᠢ 950 ᠵᠦᠢᠯ᠂ 6121 ᠬᠤᠪᠢ ᠴᠤᠭᠯᠠᠭᠤᠯᠤᠨ | ᠬᠠᠳᠠᠭᠠᠯᠠᠪᠠ᠃ ᠬᠥᠷᠥᠰᠥ ᠰᠢᠷᠣᠢ ᠶᠢᠨ ᠦᠯᠢᠭᠡᠷ ᠡᠳ᠋ ᠢ 16335 ᠬᠤᠪᠢ ᠴᠤᠭᠯᠠᠭᠤᠯᠤᠨ ᠬᠠᠳᠠᠭᠠᠯᠠᠵᠠᠢ᠃ | ᠮᠠᠨ ᠤ ᠬᠤᠲᠠ ᠶᠢᠨ ᠤᠷᠭᠤᠮᠠᠯ ᠤᠨ ᠲᠥᠷᠥᠯ ᠤᠨ ᠰᠠᠭᠤᠷᠢ ᠰᠤᠳᠤᠯᠭᠠᠨ᠂ ᠡᠭᠦᠯᠳᠡᠷ ᠰᠠᠶᠢᠵᠢᠷᠠᠭᠤᠯᠵᠤ᠂ ᠥᠨᠳᠥᠷ | ᠤᠨᠠᠯᠲᠠ ᠲᠠᠢ᠂ ᠴᠢᠨᠠᠷ ᠰᠠᠶᠢᠲᠠᠢ᠂ ᠰᠥᠷᠬᠦ ᠴᠢᠨᠠᠷ ᠢᠶᠠᠷ ᠴᠢᠩᠭ᠎ᠠ ᠰᠢᠨ᠎ᠡ ᠡᠭᠦᠯᠳᠡᠷ ᠢ ᠪᠤᠶᠢᠵᠢᠭᠤᠯᠬᠤ ᠳᠤ ᠰᠠᠶᠢᠨ | ᠡᠭᠦᠯᠳᠡᠷ ᠤᠨ ᠰᠤᠳᠤᠯᠭᠠᠨ ᠤ ᠮᠠᠲ᠋ᠧᠷᠢᠶᠠᠯ ᠬᠠᠩᠭᠠᠵᠤ᠂ ︽ᠴᠤᠭᠯᠠᠭᠤᠯᠬᠤ︾᠂ ︽ᠬᠠᠳᠠᠭᠠᠯᠠᠬᠤ︾᠂ ︽ | ᠥᠷᠭᠡᠳᠬᠡᠨ ᠦᠷᠡᠵᠢᠭᠦᠯᠬᠦ︾᠂ ︽ᠳᠡᠯᠭᠡᠷᠡᠭᠦᠯᠬᠦ︾ ᠶᠢ ᠨᠢᠭᠡ ᠴᠣᠭᠴᠠᠵᠢᠭᠤᠯᠤᠭᠰᠠᠨ ᠦᠷ᠎ᠡ ᠶᠢᠨ ᠡᠬᠢ | ᠪᠠᠶᠠᠯᠢᠭ ᠤᠨ ᠰᠢᠰᠲ᠋ᠧᠮ ᠢ ᠪᠠᠶᠢᠭᠤᠯᠪᠠ᠃ ᠳᠥᠷᠪᠡ ᠳᠤ᠂ ᠣᠨᠴᠠᠯᠢᠭᠲᠤ ᠠᠵᠤ ᠦᠢᠯᠡᠰ ᠢ ᠪᠦᠲᠦᠭᠡᠨ | ᠪᠠᠶᠢᠭᠤᠯᠠᠨ᠎ᠠ᠃ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ | ᠦᠵᠡᠰᠬᠦᠯᠡᠩᠲᠦ ᠰᠠᠶᠢᠬᠠᠨ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ | ᠬᠤᠭᠤᠷᠣᠨᠳᠣᠬᠢ ᠬᠠᠷᠢᠴᠠᠭ᠎ᠠ ᠶᠢ ᠲᠠᠶᠢᠯᠪᠤᠷᠢᠯᠠᠪᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠡᠯ᠎ᠡ | ᠭᠠᠵᠠᠷ ᠤᠨ ᠲᠤᠬᠠᠢ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠢ ᠨᠡᠭᠡᠭᠡᠨ ᠬᠥᠭᠵᠢᠭᠦᠯᠬᠦ ᠶᠢ ᠢᠳᠡᠪᠬᠢᠲᠡᠢ | ᠳᠡᠮᠵᠢᠵᠦ᠂ ᠡᠯ᠎ᠡ ᠭᠠᠵᠠᠷ ᠣᠷᠣᠨ ᠤ ᠲᠠᠷᠢᠶᠠᠯᠠᠩ ᠬᠥᠳᠡᠭᠡ ᠲᠤᠰᠬᠤᠨ ᠤ ᠣᠨᠴᠠᠯᠢᠭᠲᠤ ᠡᠬᠢ ᠪᠠᠶᠠᠯᠢᠭ ᠲᠤ | ᠰᠠᠭᠤᠷᠢᠯᠠᠨ᠂ ᠵᠠᠩᠭᠢᠯᠠᠭ᠎ᠠ ᠶᠢ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠡᠳ᠋ ᠤᠨ | ᠵᠠᠰᠠᠭ ᠤᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ︽ | ᠨᠤᠲᠤᠭ ᠤᠨ ᠭᠠᠷᠤᠯᠲᠠ︾ ᠶᠢᠨ ᠠᠵᠢᠯ ᠢ ᠬᠦᠴᠦᠯᠡᠨ ᠰᠠᠢᠲᠤᠷ ᠬᠢᠵᠦ᠂ ᠬᠥᠳᠡᠭᠡ ᠲᠤᠰᠬᠤᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃ 1150 ᠲᠦᠮᠡᠨ ᠲᠥᠭᠦᠷᠢᠭ ᠤᠨ ᠳᠡᠭᠡᠳᠦ ᠱᠠᠲᠤᠨ ᠤ ᠲᠤᠰᠬᠠᠢ | ᠪᠡᠯᠡ ᠮᠥᠩᠭᠦ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ 400 ᠲᠦᠮᠡᠨ ᠲᠥᠭᠦᠷᠢᠭ ᠢ ᠦᠴᠦᠸᠠᠨ ᠰᠢᠶᠠᠨ ᠤ | 4000 ᠮᠦ ᠬᠢᠲᠠᠳ ᠡᠪᠡᠰᠦᠨ ᠡᠮ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ | ᠬᠡᠷᠡᠭᠯᠡᠵᠦ᠂ 750 ᠲᠦᠮᠡᠨ ᠲᠥᠭᠦᠷᠢᠭ ᠴᠢᠩ ᠱᠦᠢ ᠾᠧ ᠰᠢᠶᠠᠨ ᠤ ᠬᠠᠢ ᠲᠠᠩ ᠵᠢᠮᠢᠰ᠂ ᠬᠤᠷᠢᠨᠭᠡᠷ ᠰᠢᠶᠠᠨ ᠤ | ᠴᠢᠴᠠᠷᠭᠠᠨ᠎ᠠ ᠶᠢᠨ ᠣᠨᠴᠠᠯᠢᠭᠲᠤ ᠣᠢ ᠵᠢᠮᠢᠰ ᠤᠨ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠳᠤ ᠬᠦᠴᠦ ᠨᠡᠮᠡᠷᠢᠯᠡᠪᠡ᠃ ᠵᠢᠮᠢᠰ ᠪᠣᠯᠪᠠᠰᠤᠷᠠᠭᠤᠯᠬᠤ ᠲᠣᠯᠣᠭᠠᠶᠢᠯᠠᠭᠴᠢ ᠠᠵᠤ | ᠠᠬᠤᠶᠢᠯᠠᠯ ᠳᠤ ᠲᠦᠰᠢᠭᠯᠡᠨ᠂ ᠵᠠᠰᠠᠯ ᠴᠢᠮᠡᠭ ᠤᠨ ᠡᠳ᠋᠂ ᠴᠢᠴᠠᠷᠭᠠᠨ᠎ᠠ ᠶᠢᠨ ᠰᠢᠭᠦᠰᠦ᠂ ᠬᠠᠢ ᠬᠤᠩ ᠵᠢᠮᠢᠰ ᠤᠨ | ᠬᠥᠭᠡᠰᠦᠲᠦ ᠤᠰᠤ ᠵᠡᠷᠭᠡ ᠨᠠᠷᠢᠯᠢᠭ ᠡᠳ᠋ᠰᠢᠭᠦᠯᠬᠦ ᠦᠢᠯᠡᠳᠬᠦᠨ ᠢ ᠰᠤᠳᠤᠯᠤᠨ ᠨᠡᠭᠡᠭᠡᠨ᠎ᠡ᠃ ᠬᠠᠲᠤᠨ ᠭᠤᠤᠯ | ᠳᠠᠭᠠᠤ ᠶᠢᠨ ᠠᠮᠢ ᠠᠬᠤᠶ ᠶᠢᠨ ᠵᠠᠰᠠᠯᠲᠠ ᠶᠢ ᠠᠬᠢᠭᠤᠯᠬᠤ ᠶᠢᠨ ᠬᠠᠮᠲᠤ ᠲᠤᠬᠠᠶ ᠶᠢᠨ ᠭᠠᠵᠠᠷ ᠤᠨ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠪᠠ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠪᠠ᠃ | | ᠬᠦᠲᠦᠯᠦᠭᠴᠢ᠄ | ᠵᠠ ᠵᠠ᠂ ᠢᠷᠡᠬᠦ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠡᠴᠦᠰ ᠤᠨ | ᠵᠢᠯ ᠮᠥᠨ᠂ ᠪᠠᠰᠠ ᠴᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠶᠢᠨ ᠴᠠᠭ | ᠬᠤᠭᠤᠴᠠᠭ᠎ᠠ ᠮᠥᠨ᠂ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠳᠠᠪᠬᠤᠷ | ᠳᠠᠷᠤᠯᠲᠠ ᠶᠢᠨ ᠡᠮᠦᠨ᠎ᠡ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ | ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠠᠮᠢ ᠠᠬᠤᠢ ᠶᠢᠨ | ᠪᠣᠯᠪᠠᠰᠤᠨ ᠬᠤᠳᠠ ᠶᠢᠨ ᠵᠢᠱᠢᠶ᠎ᠡ ᠦᠵᠡᠭᠦᠯᠬᠦ ᠬᠤᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠰᠠᠶᠢᠲᠤᠷ | ᠪᠠᠬᠢᠵᠢᠭᠦᠯᠵᠦ᠂ 2025 ᠣᠨ ᠳᠤ ᠮᠠᠨ ᠤ ᠬᠤᠳᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠶᠠᠮᠠᠷ ᠶᠠᠮᠠᠷ | ᠠᠷᠭ᠎ᠠ ᠬᠡᠮᠵᠢᠶ᠎ᠡ ᠠᠪᠬᠤ ᠪᠤᠢ︖ | | ᠵᠣᠴᠢᠨ᠄ ᠵᠠᠩ ᠸᠧᠢ— | 2025 ᠤᠨ ᠪᠣᠯ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠠᠬᠢᠭᠤᠯᠵᠤ᠂ ᠠᠮᠢ ᠠᠬᠤᠶ | ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠣᠷᠣᠨ ᠤ ᠲᠥᠪ ᠤᠨ ᠡᠳ᠋ ᠤᠨ ᠵᠠᠰᠠᠭ ᠨᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠤ ᠠᠯᠪᠠᠨ ᠬᠡᠷ ᠤᠨ ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠭᠦᠨᠵᠡᠭᠡᠶ ᠰᠠᠶᠢᠲᠤᠷ ᠬᠢᠬᠦ ᠶᠢᠨ ᠬᠡᠷᠡᠭᠵᠢᠭᠦᠯᠬᠦ ᠲᠥᠰᠦᠯ ︵2021 - 2025 ᠣᠨ︶︾ ᠤᠨ ᠱᠠᠭᠠᠷᠳᠠᠯᠭ᠎ᠠ | ᠶᠣᠰᠣᠭᠠᠷ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢᠨ ᠪᠥᠬᠦ | ᠲᠠᠯ᠎ᠠ ᠳᠤ ᠰᠠᠭᠤᠷᠢᠯᠠᠨ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠨᠢᠭᠡᠳᠦᠯᠲᠡᠶ ᠲᠥᠯᠥᠪᠯᠡᠨ | ᠨᠡᠶᠢᠲᠡ ᠳᠤᠨᠢ ᠬᠠᠷᠠᠭᠠᠯᠵᠠᠵᠤ᠂ ᠰᠢᠰᠲ᠋ᠧᠮ ᠲᠠᠢ ᠲᠥᠯᠥᠪᠵᠢᠭᠦᠯᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ | ᠬᠡᠷᠡᠭᠵᠢᠭᠦᠯᠦᠨ᠂ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠪᠥᠬᠦ ᠭᠠᠵᠠᠷ ᠣᠷᠣᠨ᠂ ᠪᠥᠬᠦ | ᠶᠠᠪᠤᠴᠠ ᠳᠤ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ ᠳᠤ ᠬᠦᠴᠦᠨ ᠨᠡᠮᠡᠷᠢᠯᠡᠵᠦ᠂ ᠪᠥᠬᠦ ᠬᠦᠷᠢᠶ᠎ᠡ | ᠴᠠᠷᠠᠭ᠎ᠠ᠂ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ | ᠭᠦᠨᠵᠡᠭᠡᠶ ᠳᠥᠯᠭᠢᠨ ᠠᠬᠢᠭᠤᠯᠵᠤ᠂ ︽ᠦᠵᠡᠰᠬᠦᠯᠡᠩᠲᠦ ᠰᠠᠶᠢᠬᠠᠨ ᠬᠥᠬᠡᠬᠤᠲᠠ᠂ ᠥᠨᠢᠷ ᠪᠠᠶᠠᠯᠢᠭ ᠲᠠᠯ᠎ᠠ ᠶᠢᠨ | ᠬᠤᠲᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠡᠳ᠋ ᠤᠨ | ᠵᠠᠰᠠᠭ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠢᠷᠭᠤᠭᠠᠨ | ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠶᠢ ᠵᠠᠰᠠᠨ ᠰᠡᠷᠭᠦᠭᠡᠬᠦ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠨᠢᠭᠡ ᠳᠤ᠂ ᠬᠤᠲᠠ ᠶᠢᠨ ᠠᠮᠢ | ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠵᠡᠷᠭᠡ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ | ᠬᠠᠮᠵᠢᠯᠴᠠᠨ ᠲᠥᠪ ᠪᠠ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ | ᠲᠥᠷᠥ ᠶᠢᠨ ᠪᠣᠳᠣᠯᠭ᠎ᠠ ᠶᠢ ᠬᠡᠯᠪᠠᠶᠢᠯᠭᠡᠬᠦ᠂ ᠰᠢᠯᠵᠢᠭᠦᠯᠦᠨ ᠥᠭᠬᠦ ᠪᠠᠯᠠ ᠮᠥᠩᠭᠦ ᠶᠢᠨ ᠲᠠᠯ᠎ᠠ ᠪᠠᠷ ᠬᠢ ᠳᠡᠮᠵᠢᠯᠭᠡ ᠶᠢ | ᠣᠯᠵᠤ᠂ ᠢᠯᠠᠩᠭᠤᠶ᠎ᠠ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠯᠤᠰ ᠤᠨ ᠭᠤᠤᠯᠳᠠᠯᠭ᠎ᠠ ᠲᠠᠢ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠵᠡᠷᠭᠡ | ᠲᠤᠰᠬᠠᠶ ᠪᠠᠯᠠ ᠮᠥᠩᠭᠦ ᠶᠢ ᠣᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ | ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠡᠮᠵᠢᠯᠭᠡ ᠶᠢ | ᠢᠳᠡᠪᠬᠢᠲᠡᠶ ᠲᠡᠮᠡᠴᠡᠨ ᠣᠯᠵᠤ᠂ ᠬᠠᠷᠢᠯᠴᠠᠵᠤ ᠨᠡᠪᠲᠡᠷᠡᠯᠴᠡᠬᠦ ᠲᠣᠭᠲᠠᠴᠠ ᠶᠢ ᠴᠢᠩᠭᠠᠷᠠᠭᠤᠯᠤᠨ᠎ᠠ᠃ ᠬᠤᠶᠠᠷ ᠲᠤ᠂ | ᠣᠨ ᠤ ᠲᠥᠰᠦᠪ ᠪᠠ ᠡᠳ᠋ ᠤᠨ ᠵᠠᠰᠠᠭ ᠤᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠤ᠂ ᠣᠨ ᠤ ᠠᠵᠢᠯ ᠤᠨ ᠬᠠᠷᠠᠯᠲᠠ ᠡᠭᠦᠷᠭᠡ ᠲᠠᠢ ᠤᠶᠠᠯᠳᠤᠭᠤᠯᠤᠨ᠂ ᠡᠳ᠋ ᠤᠨ | ᠵᠠᠰᠠᠭ ᠤᠨ ᠲᠤᠰᠬᠠᠶ ᠵᠦᠢᠯ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠮᠢ ᠠᠬᠤᠶ ᠶᠢᠨ | ᠬᠠᠮᠠᠭᠠᠯᠠᠯᠲᠠ ᠪᠠ ᠵᠠᠰᠠᠯᠲᠠ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠎ᠡ᠃ | ᠬᠤᠲᠠ ᠶᠢᠨ ᠲᠣᠰ ᠱᠠᠲᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠣᠶ ᠰᠢᠭᠤᠶ ᠡᠪᠡᠰᠦ ᠪᠡᠯᠴᠢᠭᠡᠷ ᠤᠨ ᠠᠮᠢ | ᠠᠬᠤᠶ ᠶᠢ ᠰᠡᠷᠭᠦᠭᠡᠬᠦ᠂ ᠤᠯᠤᠰ ᠤᠨ ᠭᠠᠵᠠᠷ ᠰᠢᠷᠣᠶ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠲᠥᠯᠥᠪᠵᠢᠭᠦᠯᠦᠨ ᠬᠠᠮᠢᠶᠠᠷᠬᠤ ᠪᠠ ᠪᠣᠬᠢᠷ ᠤᠰᠤ ᠶᠢ ᠰᠢᠢᠳᠪᠦᠷᠢᠯᠡᠬᠦ ᠵᠡᠷᠭᠡ ᠬᠠᠮᠢᠶ᠎ᠠ ᠪᠦᠬᠦᠢ ᠬᠦᠷᠢᠶᠡᠨ ᠤ ᠪᠡᠯᠡ | ᠮᠥᠩᠭᠦ ᠶᠢᠨ ᠬᠡᠷᠡᠭᠴᠡᠭᠡ ᠶᠢ ᠰᠠᠶᠢᠲᠤᠷ ᠪᠠᠲᠤᠯᠠᠨ᠎ᠠ᠃ ᠭᠤᠷᠪᠠ ᠳᠤ᠂ ᠬᠤᠯᠪᠣᠭᠳᠠᠯ ᠪᠦᠬᠦᠢ ᠲᠤᠬᠠᠶᠢᠯᠠᠭᠰᠠᠨ | ᠠᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠡᠶᠢᠭᠡᠮ ᠤᠨ | ᠬᠥᠷᠥᠩᠭᠡ ᠶᠢ ᠢᠳᠡᠪᠬᠢᠲᠡᠢ ᠣᠷᠣᠭᠤᠯᠤᠨ ᠠᠪᠴᠢᠷᠠᠵᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ᠠᠵᠤ | ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠠᠵᠢᠯ ᠬᠢᠬᠦ ᠶᠢ ᠵᠣᠷᠢᠭᠵᠢᠭᠤᠯᠵᠤ᠂ ᠭᠤᠣᠯ ᠴᠣᠭᠴᠠ ᠠᠴᠠ ᠪᠡᠯᠡ | ᠣᠷᠣᠭᠤᠯᠬᠤ᠂ ᠬᠠᠮᠵᠢᠯᠴᠠᠨ ᠳᠡᠮᠵᠢᠬᠦ᠂ ᠤᠯᠠᠨ ᠱᠠᠳᠤ ᠪᠠᠷ ᠬᠤᠯᠪᠣᠭᠠᠯᠠᠨ ᠬᠥᠳᠡᠯᠦᠯᠴᠡᠬᠦ᠂ ᠤᠯᠠᠨ ᠵᠦᠢᠯ ᠤᠨ | ᠠᠷᠭ᠎ᠠ ᠬᠡᠯᠪᠡᠷᠢ ᠶᠢᠨ ᠪᠡᠯᠡ ᠮᠥᠩᠭᠦ ᠴᠤᠭᠯᠠᠭᠤᠯᠬᠤ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠ | ᠭᠤᠣᠯᠳᠠᠯᠭ᠎ᠠ ᠲᠠᠢ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ | ᠃ ᠲᠦᠷᠪᠡ ᠳᠤ᠂ ᠲᠥᠰᠦᠪ ᠤᠨ ᠵᠠᠷᠤᠯᠭ᠎ᠠ ᠶᠢᠨ ᠠᠬᠢᠴᠠ ᠶᠢ ᠦᠨᠡᠨ ᠬᠦ ᠲᠦᠷᠭᠡᠳᠬᠡᠵᠦ᠂ ᠪᠡᠯᠡ ᠮᠥᠩᠭᠦ ᠶᠢ | ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ | ᠦᠷ᠎ᠡ ᠠᠰᠢᠭ ᠢ ᠦᠨᠡᠨ ᠬᠦ ᠪᠠᠳᠠᠷᠠᠭᠤᠯᠤᠨ᠎ᠠ᠃ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠣᠯᠤᠨ ᠬᠤᠰᠢᠭᠤ ᠰᠢᠶᠠᠨ ᠲᠣᠭᠤᠷᠢᠭ ᠲᠠᠢ ᠬᠠᠮᠵᠢᠯᠴᠠᠨ ᠢᠵᠢ ᠪᠦᠷᠢᠳᠦᠭᠦᠯᠬᠦ ᠪᠡᠯᠡ ᠮᠥᠩᠭᠦ ᠶᠢ ᠴᠠᠭ | ᠲᠤᠬᠠᠶ ᠳᠤᠨᠢ ᠭᠦᠢᠴᠡᠳ ᠲᠤᠭ᠎ᠠ ᠪᠠᠷ ᠲᠣᠬᠢᠷᠠᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠲᠤᠰᠬᠠᠶ ᠪᠡᠯᠡ | ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠬᠦ ᠬᠡᠷᠡᠭᠲᠡᠶ᠃ ᠲᠠᠪᠤ ᠳᠤ᠂ ᠪᠦᠬᠦ ᠲᠠᠯ᠎ᠠ ᠶᠢᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠪᠣᠬᠢᠷᠳᠤᠯ ᠢ ᠰᠡᠷᠭᠡᠶᠢᠯᠡᠨ ᠵᠠᠰᠠᠬᠤ | ᠲᠤᠰᠬᠠᠢ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠪᠠ ᠠᠵᠢᠯ ᠤᠨ | ᠠᠮᠵᠢᠯᠲᠠ ᠪᠦᠲᠦᠮᠵᠢ ᠶᠢ ᠦᠨᠡᠯᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠲᠤᠰᠬᠠᠢ ᠵᠦᠢᠯ ᠤᠨ ᠪᠡᠯᠡ | ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠲᠥᠰᠥᠪ ᠤᠨ ᠲᠣᠬᠢᠷᠠᠭᠤᠯᠤᠯᠲᠠ ᠲᠠᠢ | ᠬᠠᠷᠢᠯᠴᠠᠨ ᠵᠣᠯᠭᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ | ᠪᠠᠳᠠᠷᠠᠭᠤᠯᠤᠨ᠎ᠠ᠃ | | ᠬᠦᠲᠦᠯᠦᠭᠴᠢ᠄ | ᠣᠶᠢᠷ᠎ᠠ ᠶᠢᠨ ᠵᠢᠯ ᠤᠳ ᠲᠤ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠮᠢ ᠠᠬᠤᠶ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ᠂ ᠶᠡᠭᠡ ᠬᠡᠮᠵᠢᠶᠡᠨ ᠤ ᠪᠠᠯᠠ ᠮᠥᠩᠭᠦ᠂ ᠡᠳ᠋ ᠤᠨ | ᠬᠦᠴᠦᠨ ᠣᠷᠣᠭᠤᠯᠵᠤ᠂ ᠲᠥᠪ ᠬᠤᠲᠠ ᠶᠢᠨ ᠪᠣᠬᠢᠷᠲᠤᠯ ᠥᠬᠡᠶ ᠰᠠᠭᠤᠷᠢ ᠥᠩᠭᠡ ᠶᠢ ᠵᠤᠵᠠᠭᠠᠳᠬᠠᠵᠤ᠂ ᠠᠮᠢ | ᠠᠬᠤᠶ ᠶᠢᠨ ᠳᠠᠯᠳᠠ ᠴᠢᠳᠠᠪᠤᠷᠢ ᠶᠢ ᠭᠦᠨ ᠠᠭᠤᠳᠠᠯᠵᠤ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠳᠤ | ᠬᠦᠴᠦᠲᠡᠶ ᠪᠠᠯᠠ ᠮᠥᠩᠭᠦ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠲᠡᠭᠡᠪᠡᠯ ᠡᠳ᠋ ᠤᠨ ᠵᠠᠰᠠᠭ ᠤᠨ ᠪᠡᠯᠡ | ᠮᠥᠩᠭᠦ ᠶᠢᠨ ᠣᠯᠠᠨ ᠡᠰᠢᠲᠦ ᠣᠷᠣᠭᠤᠯᠤᠯᠲᠠ ᠶᠢᠨ ᠲᠠᠯ᠎ᠠ ᠪᠠᠷ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | | | ᠵᠤᠴᠢᠨ ᠄ ᠯᠢ ᠰᠢᠶᠤᠤ ᠢᠦᠢ— | ᠡᠳ᠋ ᠤᠨ ᠵᠠᠰᠠᠭ ᠤᠨ ᠣᠷᠣᠨ ᠵᠠᠢ ᠶᠢ ᠥᠷᠭᠡᠳ᠋ᠭᠡᠬᠦ ᠪᠠ ᠡᠳ᠋ ᠤᠨ ᠵᠠᠰᠠᠭ ᠤᠨ ᠪᠡᠯᠡ ᠮᠦᠩᠬᠦ ᠶᠢᠨ ᠵᠠᠷᠤᠯᠭ᠎ᠠ ᠶᠢᠨ | ᠪᠦᠲᠦᠴᠡ ᠶᠢ ᠰᠢᠯᠢᠲᠡᠭᠵᠢᠭᠦᠯᠵᠦ᠂ ᠨᠡᠩ ᠢᠳᠡᠪᠬᠢᠲᠡᠢ ᠪᠦᠭᠡᠳ ᠥᠨᠳᠥᠷ ᠪᠦᠲᠦᠮᠵᠢᠲᠡᠢ ᠡᠳ᠋ ᠤᠨ ᠵᠠᠰᠠᠭ ᠤᠨ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠬᠠᠶᠢᠨ ᠰᠦᠪᠡᠭᠴᠢᠯᠡᠬᠦ ᠪᠣᠯ ᠡᠳ᠋ ᠤᠨ ᠵᠠᠰᠠᠭ ᠤᠨ ᠠᠵᠢᠯ ᠤᠨ ᠴᠢᠬᠤᠯᠠ ᠰᠡᠳᠦᠪ | ᠪᠣᠯᠤᠨ᠎ᠠ᠃ ᠣᠢᠷ᠎ᠠ ᠶᠢᠨ ᠵᠢᠯ ᠠᠴᠠ ᠨᠠᠰᠢ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠡᠳ᠋ ᠤᠨ | ᠵᠠᠰᠠᠭ ᠤᠨ ᠪᠡᠯᠡ ᠮᠥᠩᠭᠦ ᠶᠢᠨ ᠪᠠᠲᠤᠯᠠᠭ᠎ᠠ ᠶᠢᠨ ᠴᠢᠳᠠᠪᠤᠷᠢ ᠪᠠ ᠬᠢᠷᠢ ᠬᠡᠮᠵᠢᠶ᠎ᠡ ᠪᠠᠨ ᠴᠢᠩᠭᠠᠷᠠᠭᠤᠯᠤᠭᠰᠠᠨ ᠰᠠᠭᠤᠷᠢᠨ | ᠳᠡᠭᠡᠷ᠎ᠡ᠂ ᠡᠳ᠋ ᠤᠨ ᠵᠠᠰᠠᠭ ᠤᠨ ᠪᠡᠯᠡ ᠮᠥᠩᠭᠦ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠪᠠ ᠨᠡᠢᠭᠡᠮ ᠤᠨ | ᠬᠥᠷᠥᠩᠭᠡ ᠶᠢᠨ ᠣᠯᠠᠨ ᠡᠰᠢᠲᠦ ᠬᠠᠮᠲᠤᠷᠠᠨ ᠬᠥᠳᠡᠯᠦᠯᠴᠡᠬᠦ ᠣᠷᠣᠭᠤᠯᠤᠯᠲᠠ ᠶᠢᠨ ᠲᠣᠭᠲᠠᠴᠠ ᠶᠢ ᠢᠳᠡᠪᠬᠢᠲᠡᠢ | ᠪᠠᠢᠭᠤᠯᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠬᠡᠪ ᠵᠠᠭᠪᠤᠷ ᠢᠶᠠᠷ | ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠢᠭᠤᠯᠤᠯᠲᠠ ᠪᠠ | ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠣᠷᠣᠯᠴᠠᠭᠤᠯᠵᠤ᠂ ᠤᠯᠠᠮᠵᠢᠯᠠᠯᠲᠤ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠬᠦᠷᠦᠯᠴᠡᠬᠦ ᠥᠬᠡᠢ ᠪᠠᠶᠢᠬᠤ ᠶᠢ ᠪᠦᠲᠦᠮᠵᠢᠲᠡᠢ ᠨᠥᠬᠦᠪᠥᠷᠢᠯᠡᠵᠦ᠂ ᠨᠡᠶᠢᠬᠡᠮ ᠤᠨ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠭᠡᠨ᠂ ᠨᠡᠯᠢᠶᠡᠳ ᠰᠠᠶᠢᠨ ᠡᠳ᠋ ᠤᠨ | ᠵᠠᠰᠠᠭ ᠤᠨ ᠪᠡᠯᠡ ᠮᠥᠩᠭᠦ ᠶᠢᠨ ︽ᠳᠥᠷᠪᠡᠨ ᠤᠳᠠᠭ᠎ᠠ ᠪᠠᠭᠤᠯᠭᠠᠨ ᠮᠢᠩᠭᠠᠨ ᠵᠢᠩ ᠣᠯᠭᠤᠬᠤ︾ ᠬᠦᠰᠢᠭᠦᠷᠭᠡ ᠶᠢᠨ | ᠬᠥᠳᠡᠯᠭᠡᠬᠦ ᠦᠢᠯᠡᠳᠦᠯ ᠪᠠ ᠵᠣᠷᠢᠭᠵᠢᠭᠤᠯᠵᠤ ᠬᠥᠲᠥᠯᠦᠨ ᠵᠢᠯᠣᠭᠤᠳᠬᠤ ᠦᠷ᠎ᠡ ᠪᠦᠲᠦᠮᠵᠢ ᠶᠢ ᠪᠠᠳᠠᠷᠠᠭᠤᠯᠵᠠᠢ᠃ | 2016 ᠣᠨ ᠳᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠤᠷ᠎ᠠ᠂ ᠮᠠᠨ ᠤ ᠬᠤᠲᠠ | ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠵᠠᠭᠪᠤᠷ ᠢ ᠬᠡᠷᠡᠭᠯᠡᠨ᠂ ︽ | ᠬᠥᠬᠡᠬᠤᠲᠠ ᠶᠢᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠲᠥᠷᠥᠯ ᠵᠦᠢᠯ︾ ᠢ ᠬᠡᠷᠡᠭᠵᠢᠭᠦᠯᠪᠡ᠃ ᠲᠥᠷᠥᠯ ᠵᠦᠢᠯ ᠳᠤ ᠵᠠᠰᠠᠭ ᠤᠨ ᠣᠷᠳᠣᠨ ᠤ ᠬᠥᠷᠥᠩᠭᠡ | ᠮᠥᠩᠭᠦ 1.5 ᠳ᠋ᠦᠩᠰᠢᠭᠤᠷ ᠲᠥᠭᠦᠷᠢᠭ ᠣᠷᠣᠭᠤᠯᠵᠤ᠂ ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ | ᠪᠠᠶᠢᠭᠠᠳ 4.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ | 120 ᠺᠢᠯᠣᠮᠧᠲᠷ ᠤᠨ ᠬᠡᠪᠴᠢᠶᠡᠨ ᠳᠤ ᠳᠡᠭᠡᠭᠰᠢᠯᠡᠭᠦᠯᠦᠨ ᠥᠭᠡᠷᠡᠴᠢᠯᠡᠬᠦ ᠵᠢᠴᠢ ᠠᠮᠢ ᠠᠬᠤᠶ ᠶᠢᠨ ᠵᠠᠰᠠᠯᠲᠠ ᠶᠢ | ᠬᠢᠵᠦ᠂ 7.04 ᠲᠦᠮᠡᠨ ᠮᠥ ᠨᠣᠭᠤᠭᠠᠷᠠᠭᠤᠯᠤᠯᠲᠠ ᠶᠢᠨ ᠲᠠᠯᠠᠪᠠᠶ ᠶᠢ ᠪᠡᠶᠡᠯᠡᠭᠦᠯᠵᠦ᠂ ᠪᠠᠶᠢᠭᠠᠯᠢ ᠶᠢᠨ ᠡᠶ᠎ᠡ | ᠵᠣᠬᠢᠴᠠᠯ ᠲᠠᠢ ᠠᠮᠢ ᠠᠬᠤᠶ ᠶᠢᠨ ᠨᠣᠭᠤᠭᠠᠨ ᠪᠦᠰᠡ ᠶᠢ ᠪᠣᠶ ᠪᠣᠯᠭᠠᠵᠤ᠂ ᠠᠮᠢ ᠠᠬᠤᠶ ᠶᠢᠨ ᠥᠭᠡᠷᠡᠴᠢᠯᠡᠯᠲᠡ ᠪᠠ | ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ | | | ᠬᠦᠲᠦᠯᠦᠭᠴᠢ᠄ | ᠲᠡᠶᠢᠮᠦ ᠡ᠂ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠣᠷᠣᠨ ᠪᠠᠶᠢᠷᠢ ᠪᠣᠯᠤᠨ ᠠᠮᠢ ᠠᠬᠤᠢ ᠶᠢᠨ | ᠥᠷᠲᠡᠭ ᠢ ᠬᠡᠮᠵᠢᠬᠦ ᠶᠢᠨ ᠠᠷᠭ᠎ᠠ ᠦᠭᠡᠢ ᠶᠦᠮ᠂ ᠲᠡᠷᠡ ᠨᠢ ᠬᠥᠬᠡᠬᠤᠲᠠ ᠶᠢᠨ ᠴᠢᠬᠤᠯᠠ ᠠᠮᠢ ᠠᠬᠤᠢ ᠶᠢᠨ | ᠬᠠᠯᠬᠠᠪᠴᠢ ᠪᠣᠯᠤᠭᠰᠠᠨ ᠤ ᠬᠠᠮᠲᠤ ᠪᠠᠰᠠ ᠨᠢᠭᠡᠨ ᠥᠪᠡᠷᠮᠢᠴᠡ ᠲᠠᠲᠠᠬᠤ ᠬᠦᠴᠦᠨ ᠲᠠᠢ ᠵᠢᠭᠤᠯᠴᠢᠯᠠᠯ ᠤᠨ | ᠦᠵᠡᠮᠵᠢ ᠶᠢᠨ ᠣᠷᠣᠨ ᠪᠣᠯᠤᠨ᠎ᠠ᠃ ᠲᠡᠭᠡᠪᠡᠯ ᠲᠠᠨ ᠤ ᠰᠠᠶ᠋ᠢᠬᠠᠨ ᠳᠤᠷᠠᠳᠤᠭᠰᠠᠨ ᠳᠠᠯᠠᠨ ᠬᠠᠷ᠎ᠠ ᠠᠭᠤᠯᠠ ᠶᠢᠨ | ᠡᠮᠦᠨ᠎ᠡ ᠪᠠᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠳᠤ | ᠴᠢᠭᠯᠡᠭᠦᠯᠦᠨ᠂ ᠲᠡᠷᠡ ᠪᠣᠳᠠᠲᠠᠢ ᠬᠡᠷᠡᠭᠵᠢᠭᠦᠯᠬᠦ ᠶᠠᠪᠤᠴᠠ ᠳᠤ ᠶᠠᠮᠠᠷ ᠶᠠᠮᠠᠷ ᠢᠯᠡᠳᠲᠡ ᠦᠷ᠎ᠡ ᠪᠦᠲᠦᠮᠵᠢ ᠪᠠ | ᠢᠳᠡᠪᠬᠢᠲᠡᠢ ᠬᠤᠪᠢᠷᠠᠯᠲᠠ ᠭᠠᠷᠤᠭᠰᠠᠨ ᠪᠣᠢ︖ | | ᠵᠤᠴᠢᠨ᠄ ᠯᠢ ᠰᠢᠶᠤᠤ ᠢᠦᠢ— | ᠳᠠᠯᠠᠨ ᠬᠠᠷ᠎ᠠ ᠠᠭᠤᠯᠠ ᠶᠢᠨ ᠡᠮᠤᠨ᠎ᠡ ᠪᠠᠯ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ | ᠢᠨᠵᠧᠨᠧᠷᠢᠩ ᠤᠨ ᠳᠦᠷᠦᠯ ᠵᠦᠢᠯ ᠢ ᠬᠡᠷᠡᠭᠵᠢᠬᠦᠯᠦᠭᠰᠡᠨ ᠠᠴᠠ ᠨᠠᠭᠠᠰᠢ᠂ ᠤᠯᠠᠨ ᠳᠠᠯ᠎ᠠ ᠶᠢᠨ ᠢᠯᠡᠳᠳᠡ ᠦᠷ᠎ᠡ | ᠪᠦᠳᠦᠮᠵᠢ ᠤᠯᠵᠠᠢ᠃ ᠡᠩ ᠲᠡᠷᠢᠭᠦᠨ ᠳᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠳᠠᠯᠠᠨ ᠬᠠᠷ᠎ᠠ | ᠠᠭᠤᠯᠠ ᠶᠢᠨ ᠡᠮᠦᠨ᠎ᠡ ᠪᠡᠯ ᠢ ᠪᠦᠬᠦ ᠲᠠᠯ᠎ᠠ ᠪᠠᠷ ᠰᠡᠷᠭᠦᠭᠡᠨ ᠵᠠᠰᠠᠵᠤ᠂ ᠣᠷᠣᠨ ᠤ ᠲᠥᠪ ᠬᠤᠲᠠ ᠶᠢᠨ ᠠᠮᠢ | ᠠᠬᠤᠢ ᠶᠢᠨ ᠣᠷᠴᠢᠨ ᠲᠣᠭᠤᠷᠢᠨ ᠢ ᠲᠦᠢᠯ ᠤᠨ ᠶᠡᠭᠡ ᠪᠠᠷ ᠰᠠᠶᠢᠵᠢᠷᠠᠭᠤᠯᠪᠠ᠃ ᠳᠠᠷᠠᠭ᠎ᠠ ᠳᠤᠨᠢ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠨᠢ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠵᠤᠭᠠᠴᠠᠯ ᠤᠨ | ᠰᠣᠶᠣᠯ ᠲᠠᠢ ᠤᠶᠠᠯᠳᠤᠭᠤᠯᠵᠤ᠂ ᠥᠪᠡᠷᠮᠢᠴᠡ ᠣᠨᠴᠠᠯᠢᠭ ᠲᠠᠢ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ | ᠪᠦᠰᠡ ᠶᠢ ᠪᠠᠶᠢᠭᠤᠯᠵᠤ᠂ ᠲᠤᠰ ᠣᠷᠣᠨ ᠪᠦᠰᠡ ᠶᠢᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠤᠭᠰᠠᠨ ᠢᠶᠠᠷ | ᠪᠠᠷᠠᠬᠤ ᠦᠭᠡᠢ ᠪᠠᠰᠠ ᠠᠮᠢ ᠠᠬᠤᠢ ᠶᠢᠨ ᠵᠢᠭᠤᠯᠴᠢᠯᠠᠯ ᠢᠶᠠᠷ ᠳᠠᠮᠵᠢᠨ ᠲᠤᠬᠠᠢ ᠶᠢᠨ ᠭᠠᠵᠠᠷ ᠤᠨ ᠠᠵᠤ ᠠᠬᠤᠢ ᠶᠢᠨ | ᠬᠥᠭᠵᠢᠯᠲᠡ ᠶᠢ ᠲᠠᠶᠢᠴᠢᠯᠠᠵᠤ᠂ ︽ᠬᠥᠬᠡᠮᠳᠦᠭ ᠠᠭᠤᠯᠠ︾ ᠠᠴᠠ ︽ ᠠᠯᠲᠠᠨ ᠠᠭᠤᠯᠠ︾ ᠬᠦᠷᠲᠡᠯᠡᠬᠢ | ᠠᠮᠢᠳᠤᠯᠢᠭ ᠦᠢᠯᠡᠳᠦᠯᠭᠡ ᠶᠢ ᠠᠬᠢᠭᠤᠯᠵᠤ᠂ ᠠᠮᠢ ᠠᠬᠤᠢ ᠪᠣᠯᠤᠨ ᠠᠵᠤ ᠠᠬᠤᠢ ᠶᠢᠨ ᠬᠤᠣᠰ ᠠᠮᠵᠢᠯᠲᠠ ᠶᠢ | ᠪᠡᠶᠡᠯᠡᠭᠦᠯᠵᠡᠢ᠃ | | ᠬᠦᠲᠦᠯᠦᠭᠴᠢ᠄ | ᠲᠠᠨ ᠤ ᠲᠠᠨᠢᠯᠴᠠᠭᠤᠯᠭ᠎ᠠ ᠶᠢ ᠰᠣᠨᠣᠰᠤᠭᠰᠠᠨ ᠢᠶᠠᠷ᠂ ᠪᠢᠳᠡ ᠪᠠᠰᠠ ᠬᠥᠬᠡᠬᠤᠲᠠ ᠶᠢᠨ ᠠᠮᠢ ᠠᠬᠤᠶ ᠶᠢᠨ | ᠪᠣᠯᠪᠠᠰᠤᠨ ᠶᠠᠭ ᠦᠷᠭᠦᠯᠵᠢᠯᠡᠨ ᠳᠠᠪᠰᠢᠵᠤ᠂ ᠠᠷᠠᠳ ᠣᠯᠠᠨ ᠤ ᠴᠢᠨᠠᠷ ᠰᠠᠶᠢᠲᠠᠶ ᠠᠮᠢᠳᠤᠷᠠᠯ ᠢ ᠬᠥᠭᠡᠭᠡᠴᠡᠯᠳᠦᠬᠦ ᠳᠤ | ᠪᠠᠲᠤ ᠪᠠᠬᠢ ᠠᠮᠢ ᠠᠬᠤᠶ ᠶᠢᠨ ᠪᠠᠲᠤᠯᠠᠭ᠎ᠠ ᠬᠠᠩᠭᠠᠵᠤ ᠪᠠᠶᠢᠨ᠎ᠠ᠃ 2023 ᠣᠨ ᠤ ᠡᠴᠦᠰ ᠲᠤ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠶᠠᠮᠤᠨ ᠤ ︽ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ | ᠰᠢᠨ᠎ᠡ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ︾ ᠢ ᠤᠯᠠᠮᠵᠢᠯᠠᠨ ᠲᠠᠷᠬᠠᠭᠠᠵᠤ | ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠰᠢᠨ᠎ᠡ ᠲᠣᠭᠲᠠᠴᠠ ᠶᠢ ᠤᠭᠲᠤᠨ | ᠠᠪᠴᠢᠷᠠᠭᠰᠠᠨ ᠢ ᠬᠠᠷᠠᠭᠤᠯᠵᠤ ᠪᠠᠶᠢᠨ᠎ᠠ᠃ ᠲᠡᠭᠡᠪᠡᠯ ᠰᠢᠨ᠎ᠡ ᠲᠣᠭᠲᠠᠴᠠ ᠶᠢ ᠨᠡᠶᠢᠲᠡᠯᠡᠬᠦ ᠶᠢ ᠳᠠᠭᠠᠯᠳᠤᠨ᠂ ᠣᠷᠣᠨ ᠤ | ᠲᠥᠪ ᠬᠤᠲᠠ ᠶᠢᠨ ᠡᠳ᠋ ᠤᠨ ᠵᠠᠰᠠᠭ ᠨᠢ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭᠠᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠳᠤᠮᠳᠠ ᠡᠭᠦᠷᠭᠡᠯᠡᠵᠦ ᠪᠠᠶᠢᠭ᠎ᠠ ᠡᠭᠦᠷᠭᠡ | ᠬᠠᠷᠢᠭᠤᠴᠠᠯᠭ᠎ᠠ ᠳᠤ ᠶᠠᠮᠠᠷ ᠬᠤᠪᠢᠷᠠᠯᠲᠠ ᠭᠠᠷᠤᠭᠰᠠᠨ ᠪᠣᠶ︖ ᠡᠳ᠋ ᠤᠨ ᠵᠠᠰᠠᠭ ᠤᠨ ᠰᠠᠯᠠᠭ᠎ᠠ ᠮᠥᠴᠢᠷ ᠰᠢᠨ᠎ᠡ | ᠲᠣᠭᠲᠠᠴᠠ ᠳᠣᠣᠷᠠᠬᠢ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠵᠦᠢᠯᠡᠰ ᠤᠨ | ᠬᠠᠮᠢᠶᠠᠷᠤᠯᠲᠠ ᠶᠢ ᠬᠡᠷᠬᠢᠨ ᠰᠠᠶᠢᠲᠤᠷ ᠬᠢᠬᠦ ᠪᠤᠢ︖ | | ᠵᠤᠴᠢᠨ᠄ ᠯᠢ ᠰᠢᠶᠤᠤ ᠢᠦᠢ— | ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ᠂ ᠵᠠᠬ᠎ᠠ | ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠶᠢ ᠨᠠᠩ ᠠᠩᠬᠠᠷᠴᠤ᠂ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠳᠤ ᠬᠡᠷᠡᠭᠯᠡᠭᠴᠢ ᠶᠢᠨ ᠰᠦᠢᠳᠬᠡᠯ ᠲᠤᠰᠢᠶᠠᠬᠤ ᠶᠢ ᠲᠣᠳᠣᠷᠬᠠᠶᠢᠯᠠᠪᠠ᠂ | 2023 ᠣᠨ ᠤ 2 ᠰᠠᠷ᠎ᠠ ᠶᠢᠨ ᠰᠡᠭᠦᠯᠴᠢ ᠪᠠᠷ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭᠠᠨ ᠤ ᠲᠥᠷᠥᠯ ᠵᠦᠢᠯ ᠢ ᠢᠯᠭᠠᠷᠠᠭᠤᠯᠤᠨ ᠬᠠᠷᠭᠤᠭᠤᠯᠬᠤ ᠠᠴᠠ ᠡᠮᠦᠨ᠎ᠡ ᠳᠠᠭᠠᠭᠠᠴᠢᠯᠠᠯᠲᠠ ᠵᠠᠷᠯᠠᠵᠤ | ᠬᠤᠳᠠᠯᠳᠤᠨ ᠠᠪᠬᠤ ᠵᠢᠷᠤᠮ ᠢ ᠪᠡᠶᠡᠯᠡᠭᠦᠯᠦᠭᠰᠡᠨ ᠥᠬᠡᠶ ᠲᠥᠷᠥᠯ ᠵᠦᠢᠯ ᠵᠢᠴᠢ ᠰᠢᠨ᠎ᠡ ᠪᠠᠷ ᠬᠡᠷᠡᠭᠵᠢᠭᠦᠯᠦᠭᠰᠡᠨ | ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠳᠤ ᠪᠦᠬᠦᠨ ᠢ ᠰᠢᠨ᠎ᠡ | ᠲᠣᠭᠲᠠᠴᠠ ᠶᠢᠨ ᠱᠠᠭᠠᠷᠳᠠᠯᠭ᠎ᠠ ᠶᠣᠰᠣᠭᠠᠷ᠂ ᠣᠨᠴᠠ ᠵᠥᠪᠰᠢᠶᠡᠷᠡᠬᠦ ᠡᠵᠡᠩᠨᠡᠯᠲᠡ ᠶᠢᠨ ᠵᠠᠭᠪᠤᠷ ᠢ ᠬᠡᠷᠡᠭᠯᠡᠨ | ᠬᠡᠷᠡᠭᠵᠢᠭᠦᠯᠬᠦ ᠶᠢ ᠲᠣᠳᠣᠷᠬᠠᠶᠢᠯᠠᠪᠠ᠃ ᠡᠭᠦᠨ ᠤ ᠬᠠᠮᠲᠤ᠂ ᠰᠢᠨ᠎ᠡ ᠲᠣᠭᠲᠠᠴᠠ ᠠᠴᠠ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢ ᠳᠠᠬᠢᠨ ᠰᠢᠨ᠎ᠡ ᠪᠠᠷ ᠬᠤᠪᠢᠶᠠᠷᠢᠯᠠᠪᠠ᠂ ᠲᠤᠬᠠᠶᠢᠯᠠᠪᠠᠯ ᠬᠥᠭᠵᠢᠭᠦᠯᠦᠯᠲᠡ ᠥᠭᠡᠷᠡᠴᠢᠯᠡᠯᠲᠡ ᠶᠢᠨ | ᠰᠠᠯᠠᠭ᠎ᠠ ᠮᠥᠴᠢᠷ ᠲᠦᠷᠦᠭᠦᠯᠡᠨ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠵᠠᠭᠪᠤᠷ ᠢ ᠳᠡᠯᠭᠡᠷᠡᠭᠦᠯᠬᠦ ᠠᠵᠢᠯ ᠢ | ᠰᠠᠶᠢᠲᠤᠷ ᠬᠢᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠠᠩ ᠢᠯᠡᠭᠦᠤ ᠭᠤᠤᠯ ᠠᠵᠢᠯ ᠳᠤ ᠪᠠᠨ ᠪᠣᠴᠠᠵᠤ᠂ | ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠶᠢ ᠬᠠᠷᠢᠭᠤᠴᠠᠵᠤ᠂ ᠣᠷᠣᠨ ᠨᠤᠲᠤᠭ ᠤᠨ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠠᠵᠤ ᠠᠬᠤᠶ ᠶᠢᠨ | ᠰᠠᠬᠢᠯᠭ᠎ᠠ ᠪᠠᠲᠤ ᠶᠢ ᠴᠢᠩᠳᠠᠯᠠᠨ᠎ᠠ᠃ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭᠠᠨ ᠤ ᠰᠢᠨ᠎ᠡ ᠲᠣᠭᠲᠠᠴᠠ ᠶᠢᠨ ᠠᠬᠤᠢ ᠪᠠᠶᠢᠳᠠᠯ ᠳᠣᠣᠷ᠎ᠠ᠂ ᠬᠥᠬᠡᠬᠤᠲᠠ ᠶᠢᠨ ᠡᠳ᠋ ᠤᠨ ᠵᠠᠰᠠᠭ ᠨᠢ | ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠵᠦ᠂ ᠵᠠᠰᠠᠭ ᠤᠨ ᠣᠷᠳᠣᠨ ᠪᠣᠯᠤᠨ ᠨᠡᠶᠢᠭᠡᠮ ᠤᠨ | ᠬᠥᠷᠥᠩᠭᠡ ᠶᠢᠨ ᠬᠠᠮᠵᠢᠯᠴᠠᠭᠠᠨ ᠤ ᠲᠥᠷᠥᠯ ᠵᠦᠢᠯ ᠤᠨ ᠲᠣᠭᠲᠠᠭᠤᠨ ᠢᠶᠠᠷ ᠰᠢᠯᠵᠢᠬᠦ ᠶᠢ ᠪᠠᠲᠤᠯᠠᠨ᠎ᠠ᠄ ᠨᠢᠭᠡ ᠳᠤ᠂ | ᠡᠭᠦᠷᠭᠡ ᠴᠢᠳᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠤᠨ ᠪᠡᠯᠡ ᠮᠥᠩᠭᠦ ᠶᠢᠨ ᠪᠠᠲᠤᠯᠠᠭ᠎ᠠ ᠶᠢ | ᠰᠠᠶᠢᠲᠤᠷ ᠬᠢᠨ᠎ᠡ᠃ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠬᠥᠬᠡᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠠᠮᠵᠢᠯᠴᠠᠭᠠᠨ ᠤ | ᠲᠥᠷᠥᠯ ᠵᠦᠢᠯ ᠤᠨ ᠲᠥᠰᠥᠪ ᠤᠨ ᠬᠠᠮᠢᠶᠠᠷᠤᠯᠲᠠ ᠶᠢ ᠴᠢᠩᠭᠠᠳᠭᠠᠵᠤ᠂ ᠲᠥᠷᠥᠯ ᠵᠦᠢᠯ ᠤᠨ ᠲᠥᠰᠥᠪ ᠢ | ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠵᠤ᠂ ᠬᠡᠷᠡᠭᠵᠢᠭᠦᠯᠵᠦ᠂ ᠪᠡᠯᠡ ᠮᠥᠩᠭᠦ ᠥᠭᠬᠦ ᠳᠤ ᠦᠨᠳᠦᠰᠦ | ᠪᠠᠷᠢᠮᠲᠠ ᠲᠠᠢ᠂ ᠢᠷᠡᠯᠲᠡ ᠲᠠᠢ ᠪᠠᠶᠢᠯᠭᠠᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠨᠠᠮ ᠤᠨ ᠲᠥᠪ | ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︽ᠬᠦᠴᠦᠷᠬᠡᠭ ᠣᠷᠣᠨ ᠤ ᠲᠥᠪ︾ ᠤᠨ ᠪᠠᠶᠢᠯᠳᠤᠬᠤ ᠪᠣᠳᠣᠯᠭ᠎ᠠ ᠶᠢᠨ ᠠᠵᠠ | ᠲᠣᠬᠢᠶᠠᠯ ᠢ ᠣᠨᠣᠪᠴᠢᠲᠠᠶ ᠡᠵᠡᠮᠳᠡᠵᠦ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠪᠠᠯᠠ | ᠮᠥᠩᠭᠦ ᠶᠢᠨ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠵᠢᠭᠦᠯᠵᠦ᠂ ᠲᠥᠷᠥᠯ ᠵᠦᠢᠯ ᠢ ᠬᠡᠷᠡᠭᠵᠢᠭᠦᠯᠬᠦ | ᠪᠠᠶᠢᠭᠤᠯᠤᠮᠵᠢ ᠲᠠᠢ ᠢᠳᠡᠪᠬᠢᠲᠡᠶ ᠬᠠᠮᠵᠢᠯᠴᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠵᠣᠬᠢᠴᠠᠩᠭᠤᠶ | ᠬᠦᠷᠢᠶᠡᠨ ᠳᠠᠬᠢ ᠪᠠᠯᠠ ᠮᠥᠩᠭᠦ ᠶᠢᠨ ᠳᠡᠮᠵᠢᠯᠭᠡ ᠶᠢ ᠣᠯᠵᠤ᠂ ᠪᠠᠯᠠ ᠮᠥᠩᠭᠦ ᠶᠢᠨ ᠪᠠᠲᠤᠯᠠᠭ᠎ᠠ ᠶᠢᠨ ᠴᠢᠳᠠᠪᠤᠷᠢ ᠪᠠ | ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠬᠤᠷᠢᠭ᠎ᠠ ᠱᠤᠭᠤᠮ ᠢ ᠰᠠᠬᠢᠵᠤ᠂ ᠳᠠᠯᠳᠠ | ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠠᠴᠠ ᠵᠠᠶᠢᠯᠠᠰᠬᠢᠪᠡ᠃ ᠪᠢᠳᠡ ᠵᠠᠰᠠᠭ ᠤᠨ ᠣᠷᠳᠣᠨ ᠪᠠ ᠨᠡᠶᠢᠭᠡᠮ ᠤᠨ | ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠤᠨ ᠵᠠᠰᠠᠭ ᠤᠨ ᠣᠷᠳᠣᠨ ᠤ ᠭᠡᠷ᠎ᠡ ᠭᠦᠢᠴᠡᠳᠬᠡᠵᠦ | ᠰᠦᠢᠳᠬᠡᠯ ᠲᠤᠰᠢᠶᠠᠬᠤ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ | ᠰᠦᠢᠳᠬᠡᠯ ᠲᠤᠰᠢᠶᠠᠬᠤ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ | ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠥᠬᠡᠶ | ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠠᠴᠠ ᠭᠠᠳᠠᠨ᠎ᠠ᠂ ᠪᠢᠳᠡ ᠪᠠᠰᠠ ᠮᠥᠩᠭᠦᠨ ᠭᠦᠢᠯᠭᠡᠭᠡᠨ ᠤ ᠲᠥᠷᠥ ᠶᠢᠨ | ᠪᠣᠳᠣᠯᠭ᠎ᠠ ᠶᠢᠨ ᠪᠠᠭᠠᠵᠢ ᠶᠢ ᠢᠳᠡᠪᠬᠢᠲᠡᠶ ᠬᠡᠷᠡᠭᠯᠡᠵᠦ᠂ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢᠨ ᠥᠪᠡᠷ ᠤᠨ | ᠥᠷᠲᠡᠭ ᠢ ᠵᠦᠶ ᠵᠣᠬᠢᠰᠲᠠᠶ ᠪᠠᠭᠤᠷᠠᠭᠤᠯᠵᠤ᠂ ᠡᠳ᠋ ᠤᠨ ᠵᠠᠰᠠᠭ ᠤᠨ ᠳᠠᠷᠤᠯᠲᠠ ᠶᠢ ᠬᠥᠩᠭᠡᠷᠡᠭᠦᠯᠵᠦ᠂ ᠦᠨᠡᠨᠴᠢ | ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠪᠠ᠃ ᠭᠤᠷᠪᠠ ᠳᠤ᠂ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠪᠡᠯᠡ ᠮᠥᠩᠭᠦ ᠶᠢᠨ ︽ᠵᠣᠭᠤᠰ ᠵᠠᠷᠤᠪᠠᠯ | ᠵᠠᠪᠠᠯ ᠦᠷ᠎ᠡ ᠪᠦᠲᠦᠮᠵᠢ ᠣᠯᠵᠤ᠂ ᠦᠷ᠎ᠡ ᠪᠦᠲᠦᠮᠵᠢ ᠦᠭᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ︾ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢᠨ ᠵᠠᠷᠴᠢᠮ ᠢ ᠪᠠᠷᠢᠮᠲᠠᠯᠠᠵᠤ᠂ ᠲᠥᠷᠥᠯ ᠵᠦᠢᠯ ᠳᠤ ᠪᠦᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠭᠦᠨ ᠤ ᠬᠠᠮᠲᠤ | ᠲᠥᠷᠥᠯ ᠵᠦᠢᠯ ᠢ ᠬᠡᠷᠡᠭᠵᠢᠭᠦᠯᠬᠦ ᠪᠠᠶᠢᠭᠤᠯᠤᠮᠵᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ | ᠲᠥᠷᠥᠯ ᠵᠦᠢᠯ ᠤᠨ ᠠᠵᠢᠯᠯᠠᠭᠠᠨ ᠤ ᠪᠥᠬᠦ ᠶᠠᠪᠤᠴᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ | ᠲᠥᠷᠥᠯ ᠵᠦᠢᠯ ᠢ ᠵᠢᠷᠤᠮᠵᠢᠭᠤᠨ᠂ ᠯᠠᠪᠳᠠᠭᠤᠨ᠂ ᠡᠮᠬᠢ ᠵᠢᠷᠤᠮ ᠲᠠᠢ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ | ᠃ ᠡᠭᠦᠨ ᠠᠴᠠ ᠭᠠᠳᠠᠨ᠎ᠠ᠂ ᠪᠢᠳᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠬᠦᠴᠦᠨ ᠢ ᠡᠮᠬᠢᠯᠡᠨ ᠨᠡᠶᠢᠯᠡᠭᠦᠯᠬᠦ᠂ | ᠠᠷᠭ᠎ᠠ ᠬᠡᠮᠵᠢᠶ᠎ᠡ ᠶᠢ ᠬᠠᠷᠢᠯᠴᠠᠨ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠠᠯ᠎ᠠ ᠶᠢᠨ᠂ | ᠣᠯᠠᠨ ᠲᠠᠰ ᠳᠠᠪᠬᠤᠷᠭ᠎ᠠ ᠶᠢᠨ᠂ ᠣᠯᠠᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ | ᠰᠦᠪᠡᠭᠴᠢᠯᠡᠨ ᠪᠠᠶᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠪᠦᠲᠦᠮᠵᠢᠲᠡᠶ ᠠᠰᠢᠭᠯᠠᠬᠤ ᠪᠠ ᠲᠥᠷᠥᠯ | ᠵᠦᠢᠯ ᠤᠨ ᠤᠷᠤᠭᠰᠢᠲᠠᠶ ᠠᠬᠢᠬᠤ ᠶᠢ ᠦᠨᠡᠨ ᠬᠦ ᠪᠠᠲᠤᠯᠠᠪᠠ᠃ | | ᠬᠦᠲᠦᠯᠦᠭᠴᠢ᠄ | ᠨᠠᠶᠢᠵᠠ ᠨᠠᠷ ᠠ᠂ ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠪᠡ ᠡ︕ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠠᠩ | ᠶᠦᠩ ᠮᠧᠢ ᠪᠣᠯᠤᠨ ᠬᠠᠮᠢᠶ᠎ᠠ ᠪᠦᠬᠦᠢ ᠨᠥᠬᠦᠳ ᠤᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠳᠠᠬᠢᠨᠲᠠ | ᠲᠠᠯᠠᠷᠬᠠᠵᠤ ᠪᠠᠶᠢᠨ᠎ᠠ᠃ | | | |