12 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠲᠦᠮᠡᠳ ᠵᠡᠭᠦᠨ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠤ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ | ᠱᠦᠵᠢ ᠬᠠᠶ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠲᠦᠷ ᠴᠠᠭ ᠤᠨ ᠨᠠᠮ ᠤᠨ ᠬᠤᠷᠢᠶᠠᠨ ᠤ ᠪᠦᠷᠢᠯᠳᠦᠬᠦᠨ ᠨᠡᠷ ᠤᠨ ᠨᠡᠷᠡᠰ᠂ ᠡᠯ᠎ᠡ ᠡᠪᠯᠡᠯ ᠤᠨ ᠲᠦᠷ | ᠴᠠᠭ ᠤᠨ ᠨᠠᠮ ᠤᠨ ᠡᠭᠦᠷ ᠤᠨ ᠱᠦᠵᠢ᠂ ᠳᠡᠳ᠋ ᠱᠦᠵᠢ ᠶᠢᠨ ᠨᠡᠷᠡᠰ ᠢ ᠨᠡᠶᠢᠲᠡᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠨᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠲᠠᠢ | ᠨᠢᠭᠲᠠ ᠵᠣᠯᠭᠠᠯᠳᠤᠵᠤ᠂ ᠶᠠᠭ ᠲᠦᠮᠡᠳ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠠᠴᠢ ᠬᠤᠯᠪᠣᠭᠳᠠᠯ ᠨᠢ ᠴᠢᠬᠤᠯᠠ ᠶᠡᠭᠡ᠂ | ᠡᠭᠦᠷᠭᠡ ᠨᠢ ᠥᠩᠭᠡ ᠬᠡᠷᠡᠯ ᠲᠠᠢ ᠶᠤᠮ᠂ ᠠᠵᠤ ᠦᠢᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠤᠨ | ᠠᠭᠤᠰᠤᠯᠴᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠪᠥᠬᠦ ᠬᠤᠰᠢᠭᠤᠨ ᠤ ᠠᠵᠤ | ᠠᠬᠤᠶ ᠶᠢᠨ ᠬᠥᠭᠵᠢᠯᠲᠡ ᠶᠢᠨ ᠡᠯ᠎ᠡ ᠬᠦᠷᠢᠶᠡᠨ ᠳᠤ ᠬᠤᠯᠪᠣᠭᠳᠠᠨ᠎ᠠ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ | ᠠᠷᠭ᠎ᠠ ᠤᠬᠠᠭᠠᠨ ᠭᠠᠷᠭᠠᠵᠤ᠂ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ | ᠯᠠᠪᠯᠠᠯᠲᠠ ᠬᠠᠩᠭᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ | ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃ | ᠬᠤᠷᠠᠯ ᠠᠴᠠ ᠱᠠᠭᠠᠷᠳᠠᠭᠰᠠᠨ ᠨᠢ᠂ ᠲᠥᠯᠥᠭᠡᠯᠡᠭᠴᠢᠳ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ | ᠭᠦᠢᠴᠡᠳᠭᠡᠵᠦ᠂ ᠠᠷᠠᠳ ᠲᠦᠮᠡᠨ ᠤ ᠰᠡᠳᠬᠢᠯ ᠤᠨ ᠦᠭᠡ ᠶᠢ ᠲᠤᠰᠬᠠᠵᠤ᠂ ᠠᠷᠠᠳ ᠲᠦᠮᠡᠨ ᠤ ᠵᠣᠷᠢᠭ ᠰᠠᠨᠠᠭ᠎ᠠ ᠶᠢ | ᠢᠯᠡᠷᠡᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠴᠢᠩᠭ᠎ᠠ ᠲᠡᠦᠬᠡᠨ | ᠡᠭᠦᠷᠭᠡᠲᠦ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠡᠷᠬᠡ ᠪᠠᠨ ᠵᠥᠪ | ᠬᠡᠷᠡᠭᠵᠢᠭᠦᠯᠵᠦ᠂ ᠬᠤᠷᠠᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢᠨ ᠬᠠᠤᠯᠢ ᠶᠣᠰᠣᠭᠠᠷ᠂ ᠡᠮᠬᠢ ᠵᠢᠷᠤᠮ ᠲᠠᠢ | ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠥᠭᠡᠷᠡᠴᠢᠯᠡᠯᠲᠡ | ᠨᠡᠭᠡᠭᠡᠯᠲᠡ ᠪᠣᠯᠣᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠠᠰᠢᠭᠲᠠᠢ᠂ ᠲᠡᠳᠡᠭᠡᠷ | ᠠᠷᠠᠳ ᠲᠦᠮᠡᠨ ᠢ ᠵᠠᠰᠠᠭ ᠤᠨ ᠠᠵᠢᠯ ᠤᠨ ᠪᠦᠲᠦᠮᠵᠢ ᠪᠦᠬᠦᠢ ᠰᠢᠯᠢᠳᠡᠭ ᠺᠠᠲᠠᠷ ᠢ ᠰᠤᠩᠭᠤᠵᠤ ᠭᠠᠷᠭᠠᠬᠤ ᠬᠡᠷᠡᠭᠲᠡᠢ | ᠭᠡᠪᠡ᠃ | ᠬᠤᠷᠠᠯ ᠠᠴᠠ᠂ ᠶᠡᠭᠡ ᠬᠤᠷᠠᠯ ᠤᠨ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠲᠥᠯᠥᠭᠡᠯᠡᠭᠴᠢᠳ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ | ᠲᠦᠷᠦᠭᠦᠯᠡᠨ ᠬᠡᠷᠡᠭᠵᠢᠭᠦᠯᠵᠦ᠂ ᠠᠷᠠᠳᠴᠢᠯᠠᠯ ᠢ ᠪᠠᠳᠠᠷᠠᠭᠤᠯᠵᠤ᠂ ᠬᠠᠤᠯᠢ ᠶᠣᠰᠣᠭᠠᠷ ᠠᠵᠢᠯᠯᠠᠬᠤ ᠶᠢ ᠪᠠᠷᠢᠮᠲᠠᠯᠠᠬᠤ | ᠬᠡᠷᠡᠭᠲᠡᠢ᠃ ᠨᠠᠮ ᠤᠨ ᠪᠤᠰᠤ ᠲᠥᠯᠥᠭᠡᠯᠡᠭᠴᠢᠳ ᠲᠠᠢ ᠨᠢᠭᠲᠠ ᠬᠠᠷᠢᠯᠴᠠᠵᠤ᠂ ᠤᠯᠠᠨ ᠢ ᠬᠥᠲᠥᠯᠥᠨ ᠵᠢᠯᠣᠭᠤᠳᠴᠤ | ᠪᠠᠶᠢᠭᠠᠳ ᠲᠠᠨᠢᠯᠲᠠ ᠪᠠᠨ ᠨᠢᠭᠡᠳᠬᠡᠵᠦ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠤᠷᠠᠯ ᠤᠨ ᠬᠠᠤᠯᠢ | ᠶᠣᠰᠣᠭᠠᠷ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠦᠴᠦᠨ ᠢᠶᠠᠨ ᠲᠥᠪᠯᠡᠷᠡᠭᠦᠯᠦᠨ ᠡᠯ᠎ᠡ ᠵᠦᠢᠯ ᠤᠨ | ᠠᠵᠢᠯ ᠤᠨ ᠮᠡᠳᠡᠭᠦᠯᠦᠯᠲᠡ ᠶᠢ ᠰᠠᠶᠢᠲᠤᠷ ᠶᠠᠷᠢᠯᠴᠠᠨ ᠬᠢᠨᠠᠨ ᠵᠥᠪᠯᠡᠵᠦ᠂ ᠲᠦᠮᠡᠳ ᠵᠡᠭᠦᠨ ᠬᠤᠰᠢᠭᠤᠨ ᠤ | ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠦᠨᠴᠡ ᠲᠠᠢ᠂ ᠬᠦᠨᠳᠦ ᠲᠠᠢ ᠰᠠᠨᠠᠯ ᠰᠠᠨᠠᠭᠤᠯᠭ᠎ᠠ | ᠳᠤᠷᠠᠳᠴᠤ᠂ ᠲᠦᠮᠡᠳ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠶᠤᠨ ᠤᠬᠠᠭᠠᠨ ᠪᠠ | ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ | ᠬᠤᠰᠢᠭᠤᠨ ᠤ ᠤᠳᠤᠷᠢᠳᠤᠯᠭ᠎ᠠ ᠵᠢᠶᠠ ᠶᠢᠨ ᠹᠧᠩ᠂ ᠴᠧᠨ ᠰᠢ ᠯᠧ ᠵᠡᠷᠭᠡ ᠬᠤᠰᠢᠭᠤᠨ ᠤ ᠨᠠᠮ ᠤᠨ ᠬᠤᠷᠢᠶ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ | ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠪᠣᠯᠤᠨ ᠬᠤᠶᠠᠷ ᠬᠤᠷᠠᠯ ᠳᠤ | ᠣᠷᠣᠯᠴᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠤ ᠲᠥᠯᠥᠭᠡᠯᠡᠭᠴᠢ ᠪᠣᠯᠤᠨ ᠭᠡᠰᠢᠭᠦᠳ | ᠬᠤᠷᠠᠯ ᠳᠤ ᠣᠷᠣᠯᠴᠠᠵᠠᠶ᠃ |