ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠤᠪᠢ ᠪᠠᠷ ᠢᠶᠠᠨ ᠳᠤᠷ᠎ᠠ ᠪᠠᠷ ᠢᠶᠠᠨ ᠠᠯᠠᠵᠤ ᠨᠢᠲᠤᠯᠬᠤ ᠳᠤ ᠴᠣᠬᠢᠯᠲᠠ ᠥᠭᠬᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/12/3
  ᠮᠢᠬ᠎ᠠ ᠶᠢᠨ ᠠᠮᠤᠷ ᠲᠦᠪᠰᠢᠨ ᠪᠠ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ 12 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠵᠢᠨᠴᠤᠸᠠᠨ ᠤ ᠬᠠᠷᠢᠶ᠎ᠠ ᠣᠷᠣᠨ ᠳᠤ ᠬᠤᠪᠢ ᠪᠠᠷ ᠢᠶᠠᠨ ᠳᠤᠷ᠎ᠠ ᠪᠠᠷ ᠢᠶᠠᠨ ᠠᠯᠠᠵᠤ ᠨᠢᠲᠤᠯᠬᠤ ᠳᠤ ᠴᠣᠬᠢᠯᠲᠠ ᠥᠭᠬᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ᠵᠢᠨᠴᠤᠸᠠᠨ ᠳᠤ ᠬᠤᠪᠢ ᠪᠠᠷ ᠢᠶᠠᠨ ᠳᠤᠷ᠎ᠠ ᠪᠠᠷ ᠨᠢᠲᠤᠯᠬᠤ ᠪᠣᠯᠤᠯᠴᠠᠭ᠎ᠠ ᠲᠠᠢ ᠣᠷᠣᠨ ᠪᠦᠰᠡ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠪᠣᠯᠤᠨ᠎ᠠ᠃ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠭᠤᠤᠯᠳᠠᠯᠭ᠎ᠠ ᠲᠠᠢ ᠣᠷᠣᠨ ᠪᠠᠶᠢᠷᠢ ᠳᠤ ᠤᠯᠠᠭᠠᠨ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠤᠬᠠᠭᠤᠯᠭ᠎ᠠ ᠶᠢᠨ ᠵᠠᠷᠯᠠᠯ ᠨᠠᠭᠠᠵᠤ᠂ ᠡᠵᠡᠩᠨᠡᠭᠴᠢᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠬᠠᠤᠯᠢ ᠬᠡᠷᠡᠭᠵᠢᠭᠦᠯᠬᠦ ᠤᠬᠠᠭᠤᠯᠭ᠎ᠠ ᠬᠢᠵᠦ᠂ ᠬᠡᠷᠡᠭᠯᠡᠭᠴᠢᠳ ᠲᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢ ᠳᠠᠮᠵᠢᠭᠰᠠᠨ ᠥᠬᠡᠶ ᠮᠠᠯ ᠤᠨ ᠠᠰᠢᠭ ᠰᠢᠮ᠎ᠡ ᠬᠤᠳᠠᠯᠳᠤᠨ ᠠᠪᠬᠤ ᠥᠬᠡᠶ᠂ ᠢᠳᠡᠬᠦ ᠥᠬᠡᠶ ᠪᠠᠶᠢᠬᠤ ᠶᠢ ᠰᠠᠨᠠᠭᠤᠯᠪᠠ᠃    ᠬᠤᠶᠢᠰᠢᠳᠠ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠷᠠᠳ ᠣᠯᠠᠨ ᠤ ᠢᠳᠡᠭᠡᠨ ᠤ ᠠᠮᠤᠷ ᠲᠦᠪᠰᠢᠨ ᠢ ᠬᠠᠮᠠᠭᠠᠯᠠᠬᠤ ᠪᠣᠯᠤᠨ᠎ᠠ᠃
 
ᠢᠷᠡᠯᠲᠡ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号