ᠬᠤᠷᠢᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ 11 ᠰᠠᠷ᠎ᠠ ᠶᠢᠨ 28 ᠤ ᠡᠳᠦᠷ ᠭᠤᠸᠠᠩᠵᠧᠦ ᠬᠤᠲᠠ ᠳᠤ ᠡᠬᠢᠯᠡᠪᠡ | ᠃ ᠲᠣᠰ ᠬᠤᠭᠤᠴᠠᠭᠠᠨ ᠤ ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠨᠢ ︽ᠣᠲᠣ ᠦᠶ᠎ᠡ ᠶᠢᠨ ᠲᠠᠷᠢᠶᠠᠯᠠᠩ ᠢ | ᠲᠦᠷᠭᠡᠳᠬᠡᠨ ᠬᠥᠭᠵᠢᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠠᠮᠵᠢᠯᠲᠠ ᠪᠦᠲᠦᠮᠵᠢ ᠪᠠᠨ ᠳᠡᠯᠭᠡᠨ ᠦᠵᠡᠭᠦᠯᠬᠦ᠂ ᠰᠣᠯᠢᠯᠴᠠᠭ᠎ᠠ ᠶᠢ | ᠠᠬᠢᠭᠤᠯᠬᠤ᠂ ᠨᠠᠷᠠᠲᠤ ᠲᠡᠮᠳᠡᠭᠲᠦ ᠶᠢ ᠪᠤᠶᠢᠵᠢᠭᠤᠯᠬᠤ᠂ ᠠᠷᠠᠯᠵᠢᠶ᠎ᠠ ᠶᠢ ᠠᠬᠢᠭᠤᠯᠬᠤ ᠵᠡᠷᠭᠡ ᠳᠥᠷᠪᠡᠨ ᠲᠠᠯ᠎ᠠ ᠶᠢᠨ | ᠠᠭᠤᠯᠭ᠎ᠠ ᠳᠤ ᠭᠤᠤᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠦᠵᠡᠭᠦᠯᠦᠯᠭᠡ ᠶᠢᠨ ᠲᠠᠯᠠᠪᠠᠶ ᠨᠢ 10 | ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠵᠤ᠂ 3000 ᠰᠢᠬᠠᠮ ᠠᠵᠤ ᠠᠬᠤᠶᠢᠯᠠᠯ 2 ᠲᠦᠮᠡ ᠭᠠᠷᠤᠶ | ᠵᠦᠢᠯ ᠤᠨ ᠦᠵᠡᠭᠦᠯᠦᠯᠭᠡ ᠶᠢᠨ ᠪᠣᠳᠠᠰ ᠢᠶᠠᠨ ᠠᠪᠴᠤ ᠦᠵᠡᠰᠬᠦᠯᠡᠩ ᠳᠤ ᠣᠷᠣᠯᠴᠠᠵᠤ᠂ ᠲᠤᠰᠬᠠᠶ ᠮᠡᠷᠭᠡᠵᠢᠯ ᠤᠨ | ᠬᠤᠳᠠᠯᠳᠤᠨ ᠠᠪᠬᠤ ᠬᠤᠳᠠᠯᠳᠤᠭᠠᠴᠢᠨ ᠵᠢᠱᠢᠯᠲᠡ ᠪᠠᠷ 5 ᠲᠦᠮᠡ ᠭᠠᠷᠤᠶ ᠬᠥᠮᠦᠨ ᠢ ᠳᠠᠪᠠᠭᠰᠠᠨ ᠪᠠᠶᠢᠨ᠎ᠠ᠃ | ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︽ᠲᠠᠪᠤᠨ ᠥᠩᠭᠡᠲᠦ | ᠲᠦᠮᠡᠳ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠣᠬᠢᠷᠲᠤᠯ ᠥᠬᠡᠶ ᠣᠷᠭᠠᠨᠢᠭ | ᠭᠠᠵᠠᠷ ᠤᠨ ᠲᠡᠮᠳᠡᠭ ᠲᠠᠢ ᠭᠤᠤᠯ ᠴᠣᠭᠴᠠ ᠶᠢ ᠵᠣᠬᠢᠶᠠᠨ ᠪᠠᠶᠢᠭᠤᠯᠵᠤ ᠲᠣᠰ ᠬᠤᠭᠤᠴᠠᠭᠠᠨ ᠤ ᠲᠠᠷᠢᠶᠠᠯᠠᠩ ᠤᠨ | ᠠᠷᠠᠯᠵᠢᠶᠠᠨ ᠤ ᠴᠤᠭᠯᠠᠭᠠᠨ ᠳᠤ ᠣᠷᠣᠯᠴᠠᠭᠤᠯᠪᠠ᠃ ︽ ᠲᠠᠪᠤᠨ ᠥᠩᠭᠡᠲᠦ ᠲᠦᠮᠡᠳ︾ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠨᠢ ︽ᠴᠡᠯᠡᠭᠡᠷ ᠲᠠᠯ᠎ᠠ︾᠂ ︽ᠤᠮᠠᠷᠠᠲᠤ ᠥᠷᠭᠡᠷᠢᠭ ᠤᠨ 41 | ᠭᠷᠠᠳᠦ᠋ᠰ︾ ᠬᠤᠶᠠᠷ ᠶᠡᠭᠡ ᠰᠣᠶᠣᠯ ᠤᠨ ᠡᠬᠡ ᠴᠣᠭᠴᠠ ᠶᠢ ᠠᠰᠢᠭᠯᠠᠨ᠂ ︽ᠴᠡᠯᠡᠭᠡᠷ ᠲᠠᠯ᠎ᠠ ᠶᠢᠨ 41 ᠭᠷᠠᠳᠦ᠋ᠰ︾ | ᠤᠨ ᠰᠢᠵᠢᠷ ᠠᠯᠲᠠᠨ ᠲᠠᠷᠢᠮᠠᠯ ᠤᠨ ᠠᠵᠤ ᠦᠢᠯᠡᠰ ᠤᠨ ᠪᠦᠰᠡ ᠶᠢ ᠪᠣᠶ ᠪᠣᠯᠭᠠᠵᠤ᠂ ᠲᠣᠰ ᠤᠳᠠᠭᠠᠨ ᠤ | ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠳᠡᠭᠡᠷ᠎ᠡ᠂ ᠨᠡᠷᠡᠨ ᠬᠤᠸᠠᠷ ᠤᠨ ᠦᠷ᠎ᠡ ᠪᠠ ᠰᠢᠬᠢᠷᠯᠢᠭ ᠡᠷᠳᠡᠨᠢ ᠰᠢᠰᠢ ᠶᠢ | ᠠᠮᠲᠠᠲᠤ ᠰᠠᠶᠢᠬᠠᠨ ᠠᠮᠲᠠ ᠪᠠᠷ ᠢᠶᠠᠨ ᠲᠤᠬᠠᠶ ᠶᠢᠨ ᠲᠠᠯᠠᠪᠠᠶ ᠳᠤ ᠮᠠᠰᠢ ᠶᠡᠭᠡ ᠠᠩᠬᠠᠷᠤᠯ ᠢ ᠲᠠᠲᠠᠭᠰᠠᠨ ᠪᠠᠶᠢᠨ᠎ᠠ᠃ | ᠣᠶᠢᠷ᠎ᠠ ᠶᠢᠨ ᠵᠢᠯ ᠳᠤ᠂ ︽ᠲᠠᠪᠤᠨ ᠥᠩᠭᠡᠲᠦ ᠲᠦᠮᠡᠳ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠡᠮᠳᠡᠭ ᠨᠢ ᠬᠤᠰᠢᠭᠤᠨ ᠳᠣᠲᠣᠷᠠᠬᠢ ᠲᠠᠷᠢᠶᠠᠯᠠᠩ ᠤᠨ ᠣᠨᠴᠠ ᠭᠠᠷᠤᠯᠲᠠ ᠪᠠᠷ ᠨᠡᠯᠢᠶᠡᠳ ᠰᠠᠶᠢᠨ ᠠᠵᠤ | ᠠᠬᠤᠶᠢᠯᠠᠯ ᠢ ᠰᠢᠭᠰᠢᠨ ᠰᠣᠩᠭᠤᠵᠤ᠂ ᠮᠠᠨ ᠤ ᠬᠤᠰᠢᠭᠤᠨ ᠤ ᠳᠠᠷᠢᠵᠤ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ | ᠢᠳᠡᠪᠬᠢᠲᠡᠶ ᠪᠠᠷ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ︽ᠨᠠᠷᠠᠲᠤ ᠣᠨᠴᠠ ᠰᠢᠯᠢᠳᠡᠭ ᠰᠢᠨ᠎ᠡ︾ | ᠪᠦᠲᠦᠭᠡᠭᠳᠡᠬᠦᠨ ᠢ ᠭᠤᠶᠤᠴᠢᠯᠠᠨ ᠮᠡᠳᠡᠭᠦᠯᠬᠦ ᠪᠠ ᠭᠡᠷᠡᠴᠢᠯᠡᠭᠦᠯᠵᠦ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ | ᠪᠣᠬᠢᠷᠲᠤᠯ ᠥᠬᠡᠶ ᠢᠳᠡᠭᠡᠨ᠂ ᠭᠠᠵᠠᠷ ᠵᠦᠶ ᠶᠢᠨ ᠲᠡᠮᠳᠡᠭ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠨᠡᠭᠡᠭᠡᠨ | ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠬᠦ | ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠦᠨ᠂ | ᠠᠯᠲᠠᠨ ᠣᠷᠭᠠᠨᠢᠭ ᠦᠵᠦᠮ᠂ ᠠᠯᠲᠠᠨ ᠤ ᠪᠣᠬᠢᠷᠲᠤᠯ ᠥᠬᠡᠶ ᠭᠦᠵᠡᠯᠵᠡᠭᠡᠨ᠎ᠡ ᠶᠢᠨ ᠨᠠᠷᠠᠲᠤ ᠲᠡᠮᠳᠡᠭᠲᠦ ᠶᠢ ᠪᠣᠶ | ᠪᠣᠯᠭᠠᠵᠤ᠂ ᠠᠯᠲᠠᠨ ᠺᠤᠮᠫᠠᠨᠢ ᠵᠡᠷᠭᠡ ᠬᠥᠲᠥᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ | ᠦᠢᠯᠡᠳᠦᠯ ᠢᠶᠠᠷ ᠳᠠᠮᠵᠢᠭᠤᠯᠤᠨ᠂ ︽ᠠᠵᠤ ᠦᠢᠯᠡᠰ ᠤᠨ ᠪᠦᠲᠦᠭᠡᠭᠳᠡᠬᠦᠨ ᠢ ᠠᠬᠢᠭᠤᠯᠬᠤ᠂ ᠪᠦᠲᠦᠭᠡᠭᠳᠡᠬᠦᠨ ᠢ | ᠨᠠᠷᠠᠲᠤ ᠲᠥᠷᠥᠯ ᠲᠡᠮᠳᠡᠭᠲᠦ ᠪᠤᠯᠠᠭᠠᠨ ᠠᠬᠢᠭᠤᠯᠬᠤ᠂ ᠨᠠᠷᠠᠲᠤ ᠲᠡᠮᠳᠡᠭ ᠢᠶᠠᠷ ᠠᠵᠤ ᠦᠢᠯᠡᠰ ᠢ ᠳᠠᠶᠢᠴᠢᠯᠠᠬᠤ︾ | ᠬᠥᠭᠵᠢᠯᠲᠡ ᠶᠢᠨ ᠵᠠᠭᠪᠤᠷ ᠢ ᠠᠩᠬ᠎ᠠ ᠠᠯᠬᠤᠮ ᠪᠣᠶ ᠪᠣᠯᠭᠠᠪᠠ᠃ | ︽ᠲᠠᠪᠤᠨ ᠥᠩᠭᠡᠲᠦ ᠲᠦᠮᠡᠳ ︾ ᠦᠵᠡᠰᠬᠦᠯᠡᠩ ᠳᠤ ᠣᠷᠣᠯᠴᠠᠵᠤ᠂ ᠲᠤᠬᠠᠶ ᠶᠢᠨ ᠲᠠᠯᠠᠪᠤᠷ ᠤᠨ | ᠦᠢᠯᠡᠳᠭᠦᠨ ᠢ ᠰᠢᠯᠭᠠᠨ ᠲᠣᠭᠲᠠᠭᠠᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠲᠦᠮᠡᠳ ᠵᠡᠭᠦᠨ ᠬᠤᠰᠢᠭᠤᠨ ᠤ | ᠲᠠᠷᠢᠶᠠᠯᠠᠩ ᠤᠨ ᠪᠣᠬᠢᠷᠲᠤᠯ ᠥᠬᠡᠶ ᠠᠮᠢ ᠠᠬᠤᠶ ᠪᠠ ᠨᠠᠷᠠᠲᠤ ᠲᠡᠮᠳᠡᠭᠲᠦ ᠶᠢᠨ ᠪᠣᠳᠠᠲᠤ ᠬᠦᠴᠦᠨ ᠢ ᠨᠠᠩ ᠣᠯᠠᠨ | ᠬᠥᠮᠦᠨ ᠳᠤ ᠣᠶᠢᠯᠠᠭᠠᠭᠤᠯᠵᠤ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ | ᠲᠡᠮᠳᠡᠭᠲᠦ ᠶᠢᠨ ᠳᠦᠷᠢ ᠲᠥᠷᠬᠦ ᠶᠢ ᠴᠢᠩᠭᠠᠳᠬᠠᠨ᠂ ᠪᠥᠬᠦ ᠤᠯᠤᠰ ᠤᠨ ᠨᠥᠯᠥᠭᠡᠯᠡᠬᠦ ᠬᠦᠴᠦᠨ ᠢ ᠤᠯᠠᠮ ᠨᠢᠭᠡ | ᠠᠯᠬᠤᠮ ᠥᠷᠭᠡᠳᠬᠡᠵᠦ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠨᠠᠩ ᠥᠷᠭᠡᠨ | ᠠᠭᠤᠳᠠᠮ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠪᠡ᠃ |