ᠲᠦᠮᠡᠳ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠭᠦᠨᠵᠡᠭᠡᠶᠢᠷᠡᠨ ᠰᠢᠨ᠎ᠡ ᠵᠢᠯ᠂ ᠴᠠᠭᠠᠨ ᠰᠠᠷ᠎ᠠ ᠶᠢᠨ ᠪᠠᠶᠠᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/12/30
    ᠰᠢᠨ᠎ᠡ ᠵᠢᠯ᠂ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠬᠤᠭᠤᠴᠠᠭᠠᠨ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ 12 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠲᠦᠮᠡᠳ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠠᠶᠠᠷ ᠤᠨ ᠡᠳᠦᠷ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠤᠨ ᠬᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠭᠤᠯᠠᠨ ᠭᠡᠷ᠂ ᠨᠠᠰᠤᠲᠠᠶᠢᠴᠤᠳ ᠤᠨ ᠣᠷᠣᠨ ᠰᠠᠭᠤᠴᠠ᠂ ᠭᠠᠯ ᠤᠨᠲᠠᠷᠠᠭᠠᠬᠤ ᠵᠠᠮ᠂ ᠭᠠᠯ ᠤᠨᠲᠠᠷᠠᠭᠠᠬᠤ ᠡᠵᠡᠮᠳᠡᠯ ᠤᠨ ᠲᠠᠰᠤᠭ ᠵᠡᠷᠭᠡ ᠭᠠᠵᠠᠷ ᠢ ᠲᠤᠬᠠᠢ ᠶᠢᠨ ᠲᠠᠯᠠᠪᠠᠢ ᠳᠤ ᠵᠢᠭᠰᠠᠭᠠᠨ ᠪᠠᠶᠢᠴᠠᠭᠠᠵᠤ᠂ ᠭᠤᠣᠯᠳᠠᠭᠤ ᠤᠰᠤ ᠴᠠᠬᠢᠯᠭᠠᠨ ᠬᠡᠷᠡᠭᠯᠡᠬᠦ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠢᠳᠡᠭᠡᠨ ᠤ ᠵᠠᠭᠪᠤᠷ ᠦᠯᠡᠳᠡᠭᠡᠬᠦ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠤᠨ ᠲᠡᠮᠳᠡᠭᠯᠡᠯ ᠤᠨ ᠡᠬᠡ ᠳᠠᠩᠰᠠ ᠵᠡᠷᠭᠡ ᠪᠠᠶᠢᠳᠠᠯ ᠳᠤ ᠴᠢᠭᠯᠡᠭᠦᠯᠦᠨ ᠨᠠᠷᠢᠨ ᠪᠠᠶᠢᠴᠠᠭᠠᠯᠲᠠ ᠬᠢᠪᠡ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠣᠨᠴᠠᠯᠢᠭ ᠤᠨ ᠲᠣᠭᠤᠷᠢᠨ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠠᠮᠤᠷ ᠲᠦᠪᠰᠢᠨ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠵᠢᠴᠢ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号