12 ᠰᠠᠷ᠎ᠠ ᠶᠢᠨ 27 ᠤ ᠡᠳᠦᠷ᠂ ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ | ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ ᠲᠡᠭᠦᠰᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠬᠠᠢ ᠶᠢᠩ᠂ ᠵᠢᠶᠠ ᠶᠢᠨ | ᠹᠧᠩ᠂ ᠯᠢ ᠷᠦᠢ ᠾᠧᠩ᠂ ᠯᠢᠦᠢ ᠸᠧᠨ ᠫᠢᠩ᠂ ᠸᠠᠩ ᠵᠧᠨ ᠰᠢᠶᠠᠩ᠂ ᠶᠠᠩ ᠰᠢᠶᠤᠤ ᠳ᠋ᠦᠩ᠂ ᠶᠠᠩ ᠵᠢᠶᠠᠨ ᠵᠦᠩ | ᠂ ᠶᠦᠨ ᠴᠧᠨ ᠹᠧᠩ᠂ ᠶᠠᠩ ᠯᠢ ᠫᠧᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠪᠠᠰᠠ ᠴᠧᠨ ᠰᠢ ᠯᠧ᠂ ᠭᠦᠸᠧ ᠵᠢᠶᠦ᠋ᠨ ᠯᠦᠩ᠂ | ᠴᠦᠢ ᠵᠢᠶᠧ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠡᠷᠢᠭᠦᠯᠡᠭᠴᠢ ᠶᠢᠨ | ᠲᠠᠶᠢᠰᠠᠨ ᠳᠤ ᠰᠠᠭᠠᠲᠠᠪᠠ᠃ | ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 206 ᠬᠥᠮᠦᠨ᠂ ᠪᠣᠳᠠᠲᠠᠢ ᠣᠷᠣᠯᠴᠠᠭᠰᠠᠨ | ᠲᠥᠯᠥᠭᠡᠯᠡᠭᠴᠢ 186 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ ᠬᠠᠢ ᠶᠢᠩ ᠬᠤᠷᠠᠯ ᠢ ᠡᠷᠬᠢᠯᠡᠪᠡ᠃ | ᠶᠡᠭᠡ ᠬᠤᠷᠠᠯ ᠠᠴᠠ ᠨᠢᠭᠤᠴᠠ ᠰᠣᠩᠭᠤᠭᠤᠯᠢ ᠶᠢᠨ ᠠᠷᠭ᠎ᠠ ᠪᠠᠷ ᠲᠦᠮᠡᠳ ᠵᠡᠭᠦᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠭᠡᠰᠢᠭᠦᠨ ᠢ ᠰᠣᠩᠭᠤᠨ ᠭᠠᠷᠭᠠᠵᠤ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠰᠤᠩᠭᠤᠯᠲᠠ ᠪᠠᠷ ᠪᠠᠲᠤᠯᠠᠵᠤ᠂ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢ ᠶᠢ ᠪᠠᠲᠤᠯᠠᠪᠠ᠃ ᠰᠢᠨ᠎ᠡ ᠪᠠᠷ | ᠰᠣᠩᠭᠤᠭᠳᠠᠭᠰᠠᠨ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ | ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠭᠡᠰᠢᠭᠦᠳ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠦᠨᠳᠦᠰᠦᠨ ᠬᠠᠤᠯᠢ ᠳᠤ ᠲᠠᠩᠭᠠᠷᠢᠭᠯᠠᠪᠠ᠃ | ᠶᠡᠭᠡ ᠬᠤᠷᠠᠯ ᠤᠨ ᠲᠡᠭᠦᠰᠬᠡᠯ ᠤᠨ ᠶᠣᠰᠣᠯᠠᠯ ᠳᠡᠭᠡᠷ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶᠠ ᠶᠢᠨ ᠹᠧᠩ ᠶᠠᠷᠢᠶ᠎ᠠ ᠲᠠᠯᠪᠢᠵᠤ᠂ ᠬᠤᠷᠠᠯ ᠤᠨ | ᠬᠤᠭᠤᠴᠠᠭᠠᠨ ᠳᠤ᠂ ᠲᠥᠯᠥᠭᠡᠯᠡᠭᠴᠢᠳ ᠤᠯᠤᠰ ᠲᠥᠷᠥ ᠶᠢ ᠡᠷᠬᠢᠮᠯᠡᠵᠦ᠂ ᠶᠡᠭᠡ ᠲᠠᠯ᠎ᠠ ᠶᠢ ᠬᠠᠷᠠᠭᠠᠯᠵᠠᠵᠤ᠂ | ᠰᠠᠬᠢᠯᠭ᠎ᠠ ᠪᠠᠲᠤ ᠶᠢ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠵᠦ᠂ ᠰᠠᠨᠠᠭᠠᠴᠢᠯᠠᠭ᠎ᠠ ᠠᠴᠠ ᠪᠠᠨ | ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠪᠠᠲᠤ | ᠴᠢᠩᠭ᠎ᠠ ᠤᠯᠤᠰ ᠲᠥᠷᠥ ᠶᠢᠨ ᠤᠬᠠᠮᠰᠠᠷ ᠪᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠠᠷᠠᠳ ᠤᠨ ᠲᠥᠯᠥᠭᠡ | ᠵᠢᠳᠬᠦᠬᠦ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠡᠷᠡᠯᠬᠡᠭᠯᠡᠨ ᠤᠷᠤᠭᠰᠢᠯᠠᠬᠤ ᠣᠶᠤᠨ ᠰᠠᠨᠠᠭᠠᠨ ᠤ ᠳᠦᠷᠰᠦ | ᠪᠠᠶᠢᠳᠠᠯ ᠢ ᠢᠯᠡᠷᠡᠭᠦᠯᠪᠡ᠃ ᠬᠤᠷᠠᠯ ᠠᠴᠠ ᠲᠥᠯᠥᠭᠡᠯᠡᠭᠴᠢᠳ ᠤᠨ 36 ᠬᠤᠪᠢ ᠰᠠᠨᠠᠭᠤᠯᠭ᠎ᠠ ᠶᠢ ᠬᠦᠯᠢᠶᠡᠨ ᠠᠪᠴᠤ᠂ | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠨᠠᠭᠤᠯᠭ᠎ᠠ ᠶᠢ | ᠰᠢᠢᠳᠪᠦᠷᠢᠯᠡᠬᠦ ᠶᠠᠰᠤ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ᠵᠢᠶᠠ ᠶᠢᠨ ᠹᠧᠩ᠂ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠨᠢᠭᠡ ᠳᠤ᠂ ᠤᠯᠤᠰ ᠲᠦᠷᠦ ᠶᠢᠨ ᠴᠢᠭᠯᠡᠯ ᠢ | ᠪᠠᠲᠤ ᠡᠵᠡᠮᠳᠡᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠬᠤ ᠬᠡᠷᠡᠭᠲᠡᠢ᠃ | ᠬᠤᠶᠠᠷ ᠲᠤ᠂ ᠡᠷᠬᠡ ᠲᠤᠰᠢᠶᠠᠯ ᠢᠶᠠᠨ ᠬᠠᠤᠯᠢ ᠶᠣᠰᠣᠭᠠᠷ ᠭᠦᠢᠴᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢ | ᠬᠦᠴᠦ ᠪᠠᠨ ᠲᠥᠪᠯᠡᠷᠡᠭᠦᠯᠦᠨ ᠠᠬᠢᠭᠤᠯᠬᠤ ᠬᠡᠷᠡᠭᠲᠡᠢ᠃ ᠭᠤᠷᠪᠠ ᠳᠤ᠂ ᠭᠤᠣᠯ ᠴᠣᠭᠴᠠ ᠶᠢᠨ ᠦᠢᠯᠡᠳᠦᠯ ᠢ | ᠪᠠᠳᠠᠷᠠᠭᠤᠯᠵᠤ᠂ ᠠᠷᠠᠳ ᠤᠨ ᠲᠥᠯᠥᠭᠡ ᠲᠦᠷᠦᠭᠦᠯᠡᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠬᠤ ᠬᠡᠷᠡᠭᠲᠡᠢ᠃ | ᠲᠦᠷᠪᠡ ᠳᠤ᠂ ᠤᠷ᠎ᠠ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ︽ᠲᠦᠷᠪᠡᠨ ᠪᠠᠶᠢᠭᠤᠯᠭ᠎ᠠ︾ ᠶᠢᠨ | ᠪᠠᠶᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ᠃ | ᠵᠢᠶᠠ ᠶᠢᠨ ᠹᠧᠩ ᠬᠠᠮᠤᠭ ᠤᠨ ᠰᠡᠭᠦᠯ ᠳᠤ᠂ ᠴᠠᠭ ᠦᠶ᠎ᠡ ᠠᠴᠠ ᠪᠢᠳᠡᠨ ᠳᠤ ᠣᠯᠭᠤᠭᠰᠠᠨ ᠢᠷᠠᠭᠤ ᠠᠯᠳᠠᠷᠲᠤ | ᠡᠭᠦᠷᠭᠡ ᠬᠠᠷᠢᠭᠤᠴᠠᠯᠭ᠎ᠠ᠂ ᠠᠷᠠᠳ ᠲᠦᠮᠡᠨ ᠪᠢᠳᠡᠨ ᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠪᠠ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠴᠢ | ᠵᠣᠷᠢᠭ ᠢᠶᠠᠨ ᠬᠥᠪᠴᠢᠯᠡᠵᠦ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ | ᠡᠷᠡᠯᠬᠡᠭᠯᠡᠨ ᠤᠷᠤᠭᠰᠢᠯᠠᠵᠤ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠶ᠎ᠡ᠃ | ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠭᠰᠠᠨ ᠤ ᠲᠠᠷᠠᠭ᠎ᠠ᠂ ᠰᠦᠷ | ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ ᠲᠡᠭᠦᠰᠪᠡ᠃ |