2024 ᠣᠨ ᠤ ᠪᠥᠬᠦ ᠵᠢᠯ ᠤᠨ ᠮᠠᠯ ᠵᠢᠭᠦᠷᠲᠡᠨ ᠤ ᠡᠭᠡᠯᠢᠯᠡᠭᠡ ᠶᠢᠨ ᠠᠵᠢᠯ ᠢ ᠨᠢᠭᠡᠨᠲᠡ ᠪᠡᠶᠡᠯᠡᠭᠦᠯᠵᠦ᠂ | ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ | ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠶᠢᠨ ᠢᠦᠶ ᠨᠡᠶᠢᠭᠡᠮᠴᠢᠯᠡᠭᠰᠡᠨ | ᠦᠢᠯᠡᠴᠢᠯᠡᠭᠡᠨ ᠤ ᠲᠦᠮᠡᠳ ᠵᠡᠭᠦᠨ ᠬᠤᠰᠢᠭᠤᠨ ᠤ ᠲᠥᠷᠥᠯ ᠵᠦᠢᠯ ᠤᠨ ᠬᠡᠯᠲᠡᠰ ᠲᠠᠢ ᠬᠠᠮᠲᠤᠷᠠᠨ ᠠᠮᠢᠲᠠᠨ ᠤ | ᠬᠢᠵᠢᠭ ᠢ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠬᠢᠬᠦ ᠪᠠᠷ ᠪᠠᠶᠢᠨ᠎ᠠ᠃ | 12 ᠰᠠᠷ᠎ᠠ ᠶᠢᠨ 3 ᠤ ᠡᠳᠦᠷ ᠠᠴᠠ ᠡᠬᠢᠯᠡᠨ᠂ ᠮᠠᠨ ᠤ ᠲᠣᠪᠴᠢᠶ᠎ᠠ ᠬᠤᠶᠠᠷ ᠳᠤᠭᠤᠶᠢᠯᠠᠩ ᠬᠤᠪᠢᠶᠠᠨ ᠳᠥᠷᠪᠡᠨ | ᠡᠳᠦᠷ ᠤᠨ ᠴᠠᠭ ᠢᠶᠠᠷ ᠪᠥᠬᠦ ᠬᠤᠰᠢᠭᠤᠨ ᠤ 9 ᠰᠢᠶᠠᠩ ᠪᠠᠯᠭᠠᠰᠤᠨ ᠤ 319 ᠲᠡᠵᠢᠭᠡᠨ ᠦᠷᠡᠵᠢᠭᠦᠯᠬᠦ | ᠲᠣᠰᠬᠤᠨ ᠳᠤ ᠪᠠᠶᠢᠴᠠᠭᠠᠯᠲᠠ ᠬᠢᠵᠦ᠂ ᠰᠢᠶᠠᠩ ᠪᠠᠯᠭᠠᠰᠤ ᠨᠢᠭᠡᠪᠦᠷᠢ ᠶᠢ 10% ᠶᠢᠨ ᠬᠠᠷᠢᠴᠠᠯ ᠢᠶᠠᠷ ᠰᠤᠭᠤᠴᠢᠨ | ᠪᠠᠶᠢᠴᠠᠭᠠᠨ᠎ᠠ᠃ ᠪᠠᠶᠢᠴᠠᠭᠠᠬᠤ ᠳᠤᠭᠤᠶᠢᠯᠠᠩ ᠲᠠᠷᠢᠯᠭ᠎ᠠ ᠶᠢᠨ ᠲᠡᠮᠳᠡᠭᠯᠡᠯ ᠪᠠ ᠴᠢᠰᠤᠨ ᠤ ᠦᠯᠢᠭᠡᠷ ᠠᠪᠴᠤ ᠠᠪᠬᠤ | ᠵᠡᠷᠭᠡ ᠠᠷᠭ᠎ᠠ ᠮᠠᠶ᠋ᠢᠭ ᠢᠶᠠᠷ ᠪᠠᠶᠢᠴᠠᠭᠠᠯᠲᠠ ᠬᠢᠪᠡ᠃ ᠲᠣᠰᠬᠤᠨ ᠪᠦᠷᠢ ᠳᠤ 5 ᠡᠷᠦᠬᠡ ᠶᠢᠨ ᠡᠭᠡᠯᠢᠯᠡᠭᠡ ᠶᠢᠨ | ᠨᠢᠭᠲᠠᠴᠠ ︵ᠡᠷᠦᠬᠡ ᠳᠤ ᠣᠷᠣᠵᠤ ᠪᠠᠶᠢᠴᠠᠭᠠᠯᠲᠠ ᠬᠢᠬᠦ ᠳᠤ ᠡᠭᠡᠯᠢᠯᠡᠭᠡ ᠶᠢᠨ ᠬᠡᠪᠴᠢᠶᠡᠨ ᠳᠣᠲᠣᠷᠠᠬᠢ ᠶᠠᠮᠠᠷᠪᠠ ᠨᠢᠭᠡ | ᠵᠦᠢᠯ ᠤᠨ ᠮᠠᠯ ᠤᠨ ᠲᠥᠷᠥᠯ ᠢ ᠳᠠᠷᠤᠶ 1 ᠡᠷᠦᠬᠡ ᠪᠠᠷ ᠪᠤᠳᠤᠵᠤ ᠪᠣᠯᠤᠨ᠎ᠠ︶᠃ ᠲᠣᠰᠬᠤᠨ ᠪᠦᠷᠢ 5 ᠲᠠᠬᠢᠶ᠎ᠠ ᠶᠢ | 5 ︵ᠬᠠᠮᠤᠭ ᠪᠠᠭ᠎ᠠ ᠳᠠᠭᠠᠨ 2 ᠡᠷᠦᠬᠡ ᠠᠴᠠ ᠳᠤᠲᠠᠭᠤ ᠦᠭᠡᠶ︶᠂ 2 ᠦᠬᠡᠷ ᠢ ᠴᠢᠰᠤᠨ ᠤ ᠥᠯᠢᠭᠡᠷ ᠠᠪᠤᠨ᠎ᠠ᠃ | ᠬᠤᠨᠢ ᠶᠢ ᠬᠢᠵᠢᠭ ᠰᠡᠷᠭᠡᠶᠢᠯᠡᠭᠴᠢ ᠨᠢᠭᠡᠪᠦᠷᠢ ᠶᠢᠨ 6 ᠬᠤᠨᠢ ᠪᠠᠷ ᠴᠢᠰᠤᠨ ᠤ ᠶᠠᠩᠵᠤ ᠠᠪᠴᠤ ᠪᠣᠯᠤᠨ᠎ᠠ᠃ | ᠪᠠᠶᠢᠴᠠᠭᠠᠯᠲᠠ ᠬᠢᠵᠦ ᠳᠠᠭᠤᠰᠤᠭᠰᠠᠨ ᠤ ᠳᠠᠷᠠᠭ᠎ᠠ ᠭᠠᠷ ᠳᠡᠪᠲᠡᠷ ᠲᠤ ᠲᠠᠭᠯᠠᠭᠰᠠᠨ ᠵᠢᠷᠤᠮᠵᠢᠯ ᠤᠨ ᠪᠠᠶᠢᠳᠠᠯ ᠪᠣᠯᠤᠨ | ᠴᠢᠰᠤᠨ ᠤ ᠦᠯᠢᠭᠡᠷ ᠤᠨ ᠪᠠᠶᠢᠴᠠᠭᠠᠯᠲᠠ ᠶᠢᠨ ᠦᠷ᠎ᠡ ᠳ᠋ᠦᠩ ᠢᠶᠠᠷ ᠬᠠᠮᠤᠭ ᠤᠨ ᠡᠴᠦᠰ ᠤᠨ ᠦᠯᠦ ᠬᠠᠯᠳᠠᠭᠠᠬᠤ | ᠨᠢᠭᠲᠠᠴᠠ ᠶᠢ ᠪᠣᠶ ᠪᠣᠯᠭᠠᠬᠤ ᠬᠡᠷᠡᠭᠲᠡᠶ᠃ | ᠨᠠᠮᠤᠷ ᠤᠨ ᠰᠡᠷᠭᠡᠶᠢᠯᠡᠯᠲᠡ ᠶᠢᠨ ᠪᠠᠶᠢᠴᠠᠭᠠᠯᠲᠠ ᠪᠠᠷ ᠳᠠᠮᠵᠢᠨ᠂ ᠠᠮᠢᠲᠠᠨ ᠤ ᠡᠷᠡᠭᠦᠯ ᠮᠡᠨᠳᠦ ᠪᠣᠯᠤᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠵᠤ᠂ ᠮᠠᠯ ᠠᠵᠤ ᠠᠬᠤᠶ ᠶᠢᠨ ᠬᠥᠭᠵᠢᠯᠲᠡ ᠶᠢ | ᠠᠬᠢᠭᠤᠯᠬᠤ ᠮᠥᠷᠲᠡᠭᠡᠨ ᠪᠠᠰᠠ ᠬᠢᠵᠢᠭ ᠢ ᠰᠡᠷᠭᠡᠶᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠣᠳᠣᠬᠠᠨ ᠤ ᠮᠠᠯ | ᠵᠢᠭᠦᠷᠲᠡᠨ ᠤ ᠬᠢᠵᠢᠭ ᠤᠨ ᠪᠠᠶᠢᠳᠠᠯ ᠢ ᠠᠷᠭᠠᠴᠠᠭᠠᠵᠤ ᠴᠢᠳᠠᠨ᠎ᠠ᠃ |