︽ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ ᠪᠤᠯᠬᠤ ᠪᠠᠷ ᠴᠢᠷᠮᠠᠶᠢᠬᠤ︾ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠵᠠᠢ
ᠨᠡᠶᠢᠲᠡᠯᠡᠭᠰᠡᠨ ᠴᠠᠭ᠄
2024/12/5
    ᠲᠦᠷᠦᠭᠦᠬᠡᠨ ᠭᠦᠭᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ 2024 ᠣᠨ ᠤ ︽ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ ᠪᠤᠯᠬᠤ ᠪᠠᠷ ᠬᠦᠴᠦᠯᠡᠨ ᠴᠢᠷᠮᠠᠶᠢᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠭᠦᠭᠡᠬᠤᠲᠠ ᠶᠢᠨ ᠰᠠᠶᠢᠬᠠᠨ ᠲᠣᠭᠤᠷᠢᠭ ᠤᠨ ᠵᠢᠨᠴᠢᠶᠣᠣ ᠪᠠᠭ᠎ᠠ ᠰᠤᠷᠭᠠᠭᠤᠯᠢ ᠳᠤ ᠶᠠᠪᠤᠭᠳᠠᠪᠠ᠃ ᠭᠦᠭᠡᠬᠤᠲᠠ ᠶᠢᠨ ᠡᠯ᠎ᠡ ᠰᠤᠷᠭᠠᠭᠤᠯᠢ ᠶᠢᠨ 400 ᠭᠠᠷᠤᠢ ᠪᠠᠭᠰᠢ ᠰᠤᠷᠤᠬᠴᠢᠳ ᠠᠵᠢᠯᠯᠠᠭ᠎ᠠ ᠳᠤ ᠣᠷᠣᠯᠴᠠᠵᠤ᠂ ᠶᠠᠷᠢᠶ᠎ᠠ ᠢᠯᠡᠳᠬᠡᠯ᠂ ᠨᠠᠶᠢᠷᠠᠯ ᠳᠠᠭᠤᠤ᠂ ᠲᠠᠶᠢᠰᠠᠨ ᠤ ᠵᠦᠴᠦᠭᠡ ᠪᠠ ᠪᠥᠵᠢᠭ ᠵᠡᠷᠭᠡ ᠭᠡᠯᠪᠡᠷᠢ ᠪᠠᠷ ᠵᠠᠯᠠᠭᠤᠴᠤᠳ ᠪᠠᠭᠠᠴᠤᠳ ᠤᠨ ᠰᠤᠷᠤᠯᠭ᠎ᠠ ᠠᠮᠢᠳᠤᠷᠠᠯ ᠤᠨ ᠳᠤᠮᠳᠠᠬᠢ ᠦᠰᠦᠨ ᠪᠤᠶᠢᠵᠢᠯᠳᠠ ᠶᠢᠨ ᠦᠯᠢᠭᠡᠷ ᠢᠶᠠᠨ ᠬᠤᠪᠢᠶᠠᠯᠴᠠᠵᠤ᠂ ᠵᠠᠯᠠᠭᠤᠴᠤᠳ ᠪᠠᠭᠠᠴᠤᠳ ᠤᠨ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠢ ᠳᠡᠯᠭᠡᠨ ᠦᠵᠡᠭᠦᠯᠪᠡ᠃ ᠲᠣᠰ ᠠᠵᠢᠯᠯᠠᠭ᠎ᠠ ᠨᠢ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ᠂ ᠥᠭᠡᠳᠡᠯᠡᠨ ᠳᠠᠪᠰᠢᠬᠤ ᠪᠠᠷ ᠬᠦᠴᠦᠯᠡᠨ ᠴᠢᠷᠮᠠᠶᠢᠬᠤ ᠨᠡᠩ ᠤᠯᠠᠨ ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ ᠢ ᠬᠥᠮᠥᠵᠢᠭᠦᠯᠬᠦ ᠪᠠᠷ ᠵᠣᠷᠢᠯᠭ᠎ᠠ ᠪᠠᠨ ᠪᠣᠯᠭᠠᠵᠠᠢ᠃ ᠠᠵᠢᠯᠯᠠᠭ᠎ᠠ ᠳᠤ ᠣᠷᠣᠯᠴᠠᠬᠰᠠᠨ ᠰᠤᠷᠤᠬᠴᠢᠳ ᠰᠢᠯᠢᠳᠡᠭ ᠪᠠᠭᠠᠴᠤᠳ ᠤᠨ ᠰᠠᠶᠢᠨ ᠰᠠᠶᠢᠬᠠᠨ ᠵᠠᠩ ᠰᠤᠷᠲᠠᠯ ᠢᠶᠠᠷ ᠬᠡᠪ ᠳᠠᠭᠤᠷᠢᠶᠠᠯ ᠪᠤᠯᠭᠠᠵᠤ᠂ ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ ᠪᠤᠯᠬᠤ ᠪᠠᠷ ᠢᠳᠡᠪᠬᠢᠲᠡᠢ ᠴᠢᠷᠮᠠᠶᠢᠬᠤ ᠬᠦᠰᠡᠯ ᠵᠣᠷᠢᠭ ᠢᠶᠠᠨ ᠢᠯᠡᠳᠬᠡᠵᠡᠭᠡᠪᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号