ᠰᠢ ᠶᠢᠨ ᠫᠢᠩ ᠶᠡᠷᠦᠩᠬᠡᠢ ᠱᠦᠵᠢ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠶ ᠪᠣᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ | ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ | ᠱᠤᠭᠤᠮ ᠮᠥᠨ︾ ᠭᠡᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ | ᠬᠤᠰᠢᠭᠤᠨ ᠤ ᠬᠤᠷᠢᠶ᠎ᠠ ᠶᠢᠨ ᠠᠯᠪᠠᠨ ᠭᠡᠷ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠵᠡᠯ ᠤᠬᠠᠮᠰᠠᠷ ᠤᠨ ᠭᠤᠣᠯ ᠰᠢᠵᠢᠮ ᠢ ᠪᠥᠬᠦ ᠲᠠᠯ᠎ᠠ ᠪᠠᠷ ᠲᠤᠤᠱᠯᠠᠭᠤᠯᠤᠨ ᠪᠠᠬᠢᠵᠢᠭᠦᠯᠬᠦ ᠠᠵᠢᠯ ᠤᠨ ᠲᠤᠬᠠᠢ | ᠮᠡᠳᠡᠭᠳᠡᠯ︾ ᠢ ᠦᠨᠳᠦᠰᠦᠯᠡᠨ᠂ ᠮᠠᠨ ᠤ ᠰᠢᠶᠠᠩ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ | ᠳᠣᠣᠷᠠᠬᠢ ᠮᠡᠲᠦ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠪᠠ᠃ | 1. ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠠᠪᠤᠳᠠᠯ ᠢ ᠴᠢᠬᠤᠯᠠ ᠤᠯᠤᠰ | ᠲᠥᠷᠥ ᠶᠢᠨ ᠡᠭᠦᠷᠭᠡ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ | ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠡᠯ᠎ᠡ | ᠲᠠᠯ᠎ᠠ ᠳᠤ ᠲᠤᠤᠱᠯᠠᠭᠤᠯᠵᠤ᠂ ᠴᠢᠬᠤᠯᠠ ᠶᠡᠭᠡ ᠠᠵᠢᠯ᠂ ᠴᠢᠬᠤᠯᠠ ᠶᠡᠭᠡ ᠲᠦᠷᠦᠯ ᠵᠦᠢᠯ ᠵᠡᠷᠭᠡ ᠶᠢ ᠪᠠᠶᠢᠷᠢᠯᠠᠭᠤᠯᠬᠤ ᠳᠤ | ᠴᠥᠮ ᠭᠤᠣᠯ ᠱᠤᠭᠤᠮ ᠲᠠᠢ ᠬᠠᠷᠭᠤᠭᠤᠯᠵᠤ᠂ ᠭᠤᠣᠯ ᠱᠤᠭᠤᠮ ᠢ ᠲᠤᠪᠤᠶᠢᠯᠭᠠᠵᠤ᠂ ᠡᠳᠦᠷ ᠳᠤᠳᠤᠮ ᠤᠨ ᠠᠵᠢᠯ ᠳᠤ | ᠠᠭᠤᠰᠤᠯᠴᠠᠭᠤᠯᠵᠤ᠂ ᠪᠠᠶᠢᠩᠭᠤ ᠠᠳᠬᠤᠬᠤ ᠬᠡᠷᠡᠭᠲᠡᠢ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠰᠢᠶᠠᠩ ᠤᠨ ᠨᠠᠮ | ᠵᠠᠰᠠᠭ ᠤᠨ ᠠᠯᠪᠠᠨ ᠭᠡᠷ︶ | 2. ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠴᠢᠬᠤᠯᠠ ᠥᠭᠦᠯᠡᠯᠲᠡ ᠶᠢ ᠤᠨᠤᠯ ᠤᠨ ᠰᠤᠷᠤᠯᠴᠠᠯᠭ᠎ᠠ᠂ ᠨᠠᠮ ᠤᠨ | ᠭᠡᠰᠢᠭᠦᠨ ᠤᠳᠤᠷᠢᠳᠬᠤ ᠺᠠᠳ᠋ᠷ ᠤᠨ ᠨᠠᠮ ᠤᠨ ᠬᠢᠴᠢᠶᠡᠯ ᠣᠷᠣᠬᠤ ᠶᠢᠨ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ | ᠰᠢᠶᠠᠩ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠵᠢᠯ ᠪᠦᠷᠢ ᠠᠳᠠᠭ ᠲᠠᠭᠠᠨ ᠨᠢᠭᠡ | ᠤᠳᠠᠭ᠎ᠠ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠥᠷᠨᠢᠭᠦᠯᠵᠦ᠂ ᠡᠯ᠎ᠡ ᠨᠠᠮ ᠤᠨ ᠵᠣᠬᠢᠶᠠᠨ | ᠪᠠᠶᠢᠭᠤᠯᠤᠯᠲᠠ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠲᠤᠰᠬᠠᠢ ᠰᠡᠳᠦᠪᠲᠦ ᠰᠤᠷᠤᠯᠴᠠᠯᠭ᠎ᠠ ᠰᠣᠯᠢᠯᠴᠠᠭ᠎ᠠ ᠶᠢ | ᠵᠣᠬᠢᠶᠠᠨ ᠪᠠᠶᠢᠭᠤᠯᠤᠨ᠎ᠠ᠃ ᠰᠢᠶᠠᠩ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷᠴᠤᠳ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠦᠵᠡᠯ | ᠤᠬᠠᠮᠰᠠᠷ ᠤᠨ ᠭᠤᠣᠯ ᠰᠢᠵᠢᠮ ᠢ ᠲᠤᠤᠱᠯᠠᠭᠤᠯᠬᠤ ᠤᠨᠤᠯ ᠪᠠ ᠦᠢᠯᠡᠳᠦᠯᠭᠡ ᠶᠢᠨ ᠠᠰᠠᠭᠤᠳᠠᠯ ᠤᠨ ᠲᠤᠬᠠᠢ | ᠰᠤᠳᠤᠯᠭᠠᠨ ᠢᠶᠠᠨ ᠴᠢᠩᠭᠠᠳᠬᠠᠵᠤ᠂ ᠲᠡᠭᠦᠨ ᠢ ᠣᠨ ᠤ ᠪᠠᠶᠢᠴᠠᠭᠠᠨ ᠰᠤᠳᠤᠯᠬᠤ ᠲᠥᠯᠥᠪᠯᠡᠭᠡ ᠳᠡᠭᠡᠨ ᠣᠷᠣᠭᠤᠯᠬᠤ | ᠬᠡᠷᠡᠭᠲᠡᠢ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠰᠢᠶᠠᠩ ᠤᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ︶ | 3᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ | ᠭᠤᠣᠯ ᠰᠢᠵᠢᠮ ᠢ ᠲᠤᠤᠱᠯᠠᠭᠤᠯᠬᠤ ᠶᠢ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ᠂ ᠣᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠠᠷᠢᠴᠠᠭᠤᠯᠤᠨ ᠪᠠᠶᠢᠴᠠᠭᠠᠬᠤ᠂ | ᠨᠠᠮ ᠤᠨ ᠭᠡᠰᠢᠭᠦᠨ ᠡᠯᠰᠡᠬᠦ ᠳᠤ ᠤᠯᠤᠰ ᠲᠦᠷᠦ ᠶᠢᠨ ᠬᠢᠨᠠᠨ ᠪᠠᠶᠢᠴᠠᠭᠠᠯᠲᠠ ᠬᠢᠬᠦ᠂ ᠨᠠᠮ ᠤᠨ ᠭᠡᠰᠢᠭᠦᠨ ᠢ | ᠠᠷᠠᠳᠴᠢᠯᠠᠯ ᠢᠶᠠᠷ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠨ᠎ᠠ᠃ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ | ᠲᠤᠬᠠᠶᠢᠯᠠᠭᠰᠠᠨ ᠠᠵᠢᠯ ᠢ ᠭᠦᠨᠵᠡᠭᠡᠢ ᠠᠭᠤᠰᠤᠯᠴᠠᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠲᠤᠤᠱᠯᠠᠭᠤᠯᠬᠤ ᠶᠢ ᠪᠠᠲᠤ | ᠪᠠᠬᠢ ᠪᠠᠬᠢᠯᠡᠯᠲᠡ ᠶᠢᠨ︽ᠵᠢᠱᠢᠶᠡᠴᠢ︾ᠨᠠᠮ ᠤᠨ ᠡᠭᠦᠷ᠂︽ᠤᠮᠠᠷᠠᠲᠤ ᠬᠢᠯᠢ ᠶᠢᠨ ᠵᠢᠱᠢᠶᠡᠴᠢ ᠲᠡᠷᠢᠭᠦᠨ ᠤ ᠨᠢᠭᠡᠴᠡ︾ ᠶᠢ | ᠡᠭᠦᠳᠦᠨ ᠪᠠᠶᠢᠭᠤᠯᠬᠤ ᠠᠵᠢᠯ ᠤᠨ ᠪᠦᠬᠦ ᠶᠠᠪᠤᠴᠠ ᠶᠢᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠤᠨ᠎ᠠ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠰᠢᠶᠠᠩ ᠤᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ︶ | 4. ᠰᠢ ᠶᠢᠨ ᠫᠢᠩ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠷᠠᠳ | ᠲᠦᠮᠡᠨ ᠢ ᠬᠠᠯᠠᠮᠵᠢᠯᠠᠵᠤ ᠪᠠᠶᠢᠭ᠎ᠠ ᠪᠠᠶᠢᠳᠠᠯ ᠢ ᠤᠬᠠᠭᠤᠯᠬᠤ᠂ ᠨᠠᠮ ᠤᠨ ᠡᠨᠡᠷᠢᠯ ᠬᠠᠶᠢᠷ᠎ᠠ ᠶᠢ ᠤᠬᠠᠭᠤᠯᠬᠤ ᠠᠵᠢᠯ ᠤᠨ | ᠲᠣᠭᠲᠠᠴᠠ ᠶᠢ ᠪᠠᠶᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠪᠣᠯᠣᠨ︽ᠨᠠᠮ ᠤᠨ ᠦᠭᠡ ᠶᠢ ᠰᠣᠨᠣᠰᠴᠤ᠂ | ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠬᠤ︾ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ︽ᠵᠢᠷᠭᠤᠭᠠᠨ | ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ ᠴᠡᠭᠡᠵᠢᠯᠡᠭᠦᠯᠬᠦ ᠪᠠᠷ ᠬᠥᠮᠥᠵᠢᠭᠦᠯᠦᠨ | ᠵᠢᠯᠤᠭᠤᠳᠴᠤ᠂ ᠨᠡᠩ ᠡᠷᠡᠰ ᠪᠠᠲᠤ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠢ ᠳᠠᠭᠠᠵᠤ ᠰᠢᠨ᠎ᠡ | ᠠᠶᠠᠨ ᠳᠠᠭᠠᠨ ᠡᠷᠡᠯᠬᠡᠭᠯᠡᠨ ᠤᠷᠤᠭᠰᠢᠯᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠰᠢᠶᠠᠩ ᠤᠨ ᠨᠠᠮ ᠤᠨ | ᠪᠠᠶᠢᠭᠤᠯᠤᠯᠲᠠ ᠶᠢᠨ ᠠᠯᠪᠠᠨ ᠭᠡᠷ︶ | 5᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠦᠬᠦ ᠲᠠᠯ᠎ᠠ ᠪᠠᠷ | ᠲᠤᠤᠱᠯᠠᠭᠤᠯᠵᠤ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ︽ᠭᠤᠷᠪᠠ ᠶᠢ ᠲᠣᠭᠲᠠᠭᠠᠬᠤ︾ ᠲᠣᠭᠲᠠᠭᠠᠯ ᠳᠤ | ᠪᠢᠴᠢᠨ ᠣᠷᠣᠭᠤᠯᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠤᠰᠬᠠᠢ ᠵᠢᠯᠤᠭᠤᠳᠬᠤ | ᠪᠠᠶᠢᠭᠤᠯᠤᠮᠵᠢ ᠶᠢ ᠲᠣᠳᠣᠷᠬᠠᠶᠢᠯᠠᠵᠤ᠂ ᠣᠨ ᠤ ᠠᠵᠢᠯ ᠤᠨ ᠲᠥᠯᠥᠪᠯᠡᠭᠡ ᠪᠠ ᠭᠤᠣᠯᠳᠠᠯᠭ᠎ᠠ ᠳᠤ ᠣᠷᠣᠭᠤᠯᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠦᠬᠦ | ᠲᠠᠯ᠎ᠠ ᠪᠠᠷ ᠲᠤᠭᠤᠰᠢᠯᠠᠭᠤᠯᠤᠨ ᠪᠠᠲᠤ ᠪᠠᠬᠢ ᠪᠤᠢ ᠪᠣᠯᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠠᠵᠢᠯ ᠤᠨ | ᠳᠦᠷᠢᠮ ᠵᠢᠴᠢ ᠪᠠᠶᠢᠩᠭᠤ ᠶᠢᠨ ᠬᠡᠷᠡᠭ ᠡᠷᠬᠢᠯᠡᠬᠦ ᠪᠠᠶᠢᠭᠤᠯᠤᠮᠵᠢ ᠶᠢᠨ ᠠᠵᠢᠯ ᠤᠨ ᠨᠠᠷᠢᠨ ︵ᠬᠠᠷᠢᠭᠤᠴᠠᠯᠭᠠᠲᠤ ᠰᠠᠯᠠᠭ᠎ᠠ | ᠮᠥᠴᠢᠷ᠄ ᠰᠢᠶᠠᠩ ᠤᠨ ᠨᠠᠮ ᠵᠠᠰᠠᠭ ᠤᠨ ᠠᠯᠪᠠᠨ ᠭᠡᠷ︶ | 6. ᠨᠠᠮ ᠤᠨ ᠭᠡᠰᠢᠭᠦᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠢᠳᠡᠪᠬᠢᠲᠡᠢ ᠪᠠᠷ ᠳᠠᠶᠢᠴᠢᠯᠠᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤᠮᠳᠠᠬᠢ ᠵᠢᠱᠢᠶ᠎ᠡ ᠦᠵᠡᠭᠦᠯᠵᠦ | ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠰᠠᠨᠠᠯ ᠵᠥᠪᠯᠡᠯᠭᠡ ᠳᠤᠷᠠᠳᠬᠤ᠂ ᠰᠤᠷᠤᠯᠴᠠᠨ | ᠪᠣᠯᠪᠠᠰᠤᠷᠠᠭᠤᠯᠬᠤ᠂ ᠬᠢᠨᠠᠯᠲᠠ ᠲᠠᠯᠪᠢᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ᠂ ᠲᠤᠰᠬᠠᠢ ᠰᠡᠳᠦᠪᠲᠦ | ᠪᠠᠶᠢᠴᠠᠭᠠᠨ ᠰᠤᠳᠤᠯᠤᠯᠲᠠ ᠬᠢᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠵᠡᠷᠭᠡ ᠠᠵᠢᠯ ᠳᠤ | ᠭᠦᠨᠵᠡᠭᠡᠢ ᠲᠤᠭᠤᠰᠢᠯᠠᠭᠤᠯᠵᠤ᠂ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠡᠮᠬᠢᠳᠬᠡᠨ ᠡᠮᠬᠢᠳᠬᠡᠬᠦ ᠪᠠ | ᠬᠤᠪᠢᠷᠠᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠰᠠᠶᠢᠲᠤᠷ ᠬᠢᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ | ᠰᠢᠶᠠᠩ ᠤᠨ ᠨᠠᠮ ᠵᠠᠰᠠᠭ ᠤᠨ ᠠᠯᠪᠠᠨ ᠭᠡᠷ︶ | | |