ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠬᠤᠷᠢᠶ᠎ᠠ 2 ᠰᠠᠷ᠎ᠠ ᠳᠤ ᠵᠡᠮᠳᠡᠭᠴᠦᠳ ᠲᠤ 144.41 ᠲᠦᠮᠡᠨ ᠲᠥᠭᠦᠷᠢᠭ ᠤᠨ ᠬᠤᠶᠠᠷ ᠵᠦᠢᠯ ᠤᠨ ᠨᠥᠬᠦᠪᠦᠷᠢ ᠮᠥᠩᠭᠦ ᠣᠯᠭᠤᠪᠠ
ᠨᠡᠶᠢᠲᠡᠯᠡᠭᠰᠡᠨ ᠴᠠᠭ᠄
2024/2/29
     2024 ᠣᠨ ᠤ 2 ᠰᠠᠷ᠎ᠠ ᠳᠤ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠬᠤᠷᠢᠶ᠎ᠠ ᠠᠴᠠ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠮᠥᠩᠭᠦ᠂ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠮᠥᠩᠭᠦ ᠨᠡᠶᠢᠲᠡ 144.41 ᠲᠦᠮᠡᠨ ᠲᠥᠭᠦᠷᠢᠭ ᠪᠠᠭᠤᠯᠭᠠᠪᠠ᠃ ᠪᠡᠯᠡ ᠮᠥᠩᠭᠦ ᠶᠢᠨ ᠠᠮᠤᠷ ᠲᠦᠪᠰᠢᠨ ᠪᠠ ᠬᠡᠷᠡᠭᠯᠡᠭᠡᠨ ᠤ ᠦᠷ᠎ᠡ ᠠᠰᠢᠭ ᠢ ᠪᠠᠲᠤᠯᠠᠭᠰᠠᠨ ᠤᠷᠢᠲᠠᠯ ᠳᠣᠣᠷ᠎ᠠ᠂ ᠵᠠᠷᠤᠯᠭ᠎ᠠ ᠶᠢᠨ ᠠᠬᠢᠴᠠ ᠶᠢ ᠦᠨᠡᠨᠬᠦ ᠲᠦᠷᠭᠡᠳᠬᠡᠵᠦ᠂ ᠨᠥᠬᠦᠪᠦᠷᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠥᠬᠦᠴᠡᠯ ᠳᠤ ᠨᠡᠶᠢᠴᠡᠬᠦ ᠪᠠᠲᠤᠯᠠᠭ᠎ᠠ ᠶᠢᠨ ᠡᠲᠡᠭᠡᠳ ᠲᠤ ᠦᠨᠡᠨᠬᠦ ᠠᠰᠢᠭ ᠬᠦᠷᠲᠡᠭᠡᠨ᠎ᠡ᠃      ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠪᠣᠯ ᠠᠷᠠᠳ ᠤᠨ ᠠᠮᠢᠳᠤᠷᠠᠯ ᠢ ᠪᠠᠲᠤᠯᠠᠬᠤ᠂ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ᠂ ᠲᠥᠪ ᠭᠤᠥᠯᠴᠢ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠵᠡᠮᠳᠡᠭᠴᠦᠳ ᠤᠨ ᠣᠷᠣᠰᠢᠨ ᠲᠣᠭᠲᠠᠨᠢᠵᠤ ᠬᠥᠭᠵᠢᠬᠦ ᠡᠷᠬᠡ ᠠᠰᠢᠭ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ  ᠃
 
ᠢᠷᠡᠯᠲᠡ᠄ ᠲᠥᠮᠡᠳ‌ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号