2024 ᠣᠨ ᠤ ᠰᠠᠯᠠᠭ᠎ᠠ ᠮᠥᠴᠢᠷ ᠤᠨ ᠲᠥᠰᠥᠪ ᠤᠨ ᠴᠣᠬᠤᠯᠠᠪᠤᠷᠢ ᠬᠠᠷᠢᠭᠤᠯᠲᠠ ᠪᠠ ᠢᠯᠡ ᠪᠣᠯᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/2/29
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾ ᠵᠢᠴᠢ ᠲᠡᠭᠦᠨ ᠤ ᠬᠡᠷᠡᠭᠵᠢᠭᠦᠯᠬᠦ ᠳᠦᠷᠢᠮ ᠵᠡᠷᠭᠡ ᠲᠣᠭᠲᠠᠭᠠᠯ ᠢ ᠦᠨᠳᠦᠰᠦᠯᠡᠨ᠂ 2024 ᠣᠨ ᠳᠤ ᠮᠠᠨ ᠤ ᠬᠤᠰᠢᠭᠤᠨ ᠤ ᠰᠠᠯᠠᠭ᠎ᠠ ᠮᠥᠴᠢᠷ ᠤᠨ ᠲᠥᠰᠥᠪ ᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ   ᠠᠴᠠ ᠬᠢᠨᠠᠨ ᠵᠥᠪᠯᠡᠵᠦ ᠪᠠᠲᠤᠯᠠᠭᠰᠠᠨ ᠤ ᠳᠠᠷᠠᠭ᠎ᠠ᠂ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠴᠠᠭ ᠲᠤᠬᠠᠢ ᠳᠤᠨᠢ ᠬᠤᠯᠪᠣᠭᠳᠠᠯ ᠪᠦᠬᠦᠢ ᠮᠡᠳᠡᠭᠳᠡᠯ ᠳᠠᠷᠤᠮᠠᠯᠯᠠᠨ ᠲᠠᠷᠬᠠᠭᠠᠵᠤ᠂ ᠰᠠᠯᠠᠭ᠎ᠠ ᠮᠥᠴᠢᠷ ᠤᠨ ᠲᠥᠰᠥᠪ   ᠢ ᠴᠣᠬᠤᠯᠠᠪᠤᠷᠢᠯᠠᠬᠤ ᠪᠠ ᠢᠯᠡ ᠪᠣᠯᠭᠠᠬᠤ ᠠᠵᠢᠯ   ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠵᠦ᠂ 175 ᠨᠢᠭᠡᠴᠡ   ᠶᠢᠨ ᠲᠥᠰᠥᠪ   ᠢ ᠴᠣᠬᠤᠯᠠᠪᠤᠷᠢᠯᠠᠨ ᠬᠠᠷᠢᠭᠤᠯᠬᠤ   ᠶᠢ ᠪᠡᠶᠡᠯᠡᠭᠦᠯᠬᠦ   ᠶᠢᠨ ᠬᠠᠮᠲᠤ᠂ ᠨᠢᠭᠤᠴᠠ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠭᠠᠳᠠᠨ᠎ᠠ᠂ ᠲᠣᠭᠲᠠᠭᠰᠠᠨ ᠬᠤᠭᠤᠴᠠᠭᠠᠨ ᠳᠤ 173 ᠲᠥᠰᠥᠪ ᠤᠨ ᠨᠢᠭᠡᠴᠡ ᠶᠢ ᠢᠯᠡ ᠨᠡᠶᠢᠲᠡᠯᠡᠵᠦ᠂ 2024 ᠣᠨ ᠤ ᠲᠥᠰᠥᠪ ᠢ ᠭᠦᠢᠴᠡᠳᠬᠡᠬᠦ ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠭᠰᠠᠨ ᠪᠠᠶᠢᠨ᠎ᠠ ᠨᠢᠭᠡ᠂ ᠤᠷᠢᠳᠴᠢᠯᠠᠨ ᠲᠥᠯᠥᠪᠵᠢᠭᠦᠯᠵᠦ᠂ ᠴᠣᠬᠤᠯᠠᠪᠤᠷᠢᠯᠠᠨ ᠬᠠᠷᠢᠭᠤᠯᠬᠤ ᠪᠠ ᠢᠯᠡ ᠪᠣᠯᠭᠠᠬᠤ ᠶᠢᠨ ᠴᠠᠭ ᠲᠤᠬᠠᠢ ᠶᠢᠨ ᠴᠢᠨᠠᠷ ᠢ ᠦᠨᠡᠨᠬᠦ ᠪᠠᠲᠤᠯᠠᠬᠤ ᠬᠡᠷᠡᠭᠲᠡᠢ    ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠴᠠᠭ ᠬᠤᠭᠤᠴᠠᠭ᠎ᠠ ᠶᠢ ᠴᠢᠩᠭ᠎ᠠ ᠡᠵᠡᠮᠳᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠤ ᠳᠠᠷᠠᠭ᠎ᠠ ᠴᠠᠭ ᠲᠤᠬᠠᠢ ᠳᠤᠨᠢ ᠪᠠᠶᠢᠷᠢᠯᠠᠭᠤᠯᠵᠤ᠂ ᠰᠠᠯᠠᠭ᠎ᠠ ᠮᠥᠴᠢᠷ ᠤᠨ ᠲᠥᠰᠥᠪ ᠢ ᠡᠯ᠎ᠡ ᠰᠠᠯᠠᠭ᠎ᠠ ᠮᠥᠴᠢᠷ ᠵᠢᠴᠢ ᠡᠯ᠎ᠡ ᠰᠢᠶᠠᠩ ᠪᠠᠯᠭᠠᠰᠤᠨ ᠳᠤ ᠴᠣᠬᠤᠯᠠᠪᠤᠷᠢᠯᠠᠨ ᠬᠠᠷᠢᠭᠤᠯᠵᠤ᠂ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠢᠶᠠᠷ ᠳᠠᠮᠵᠢᠭᠤᠯᠤᠨ᠂ 2024 ᠣᠨ ᠤ ᠰᠠᠯᠠᠭ᠎ᠠ ᠮᠥᠴᠢᠷ ᠤᠨ ᠲᠥᠰᠥᠪ ᠤᠨ ᠭᠦᠢᠴᠡᠳᠬᠡᠯ ᠲᠤᠭ᠎ᠠ ᠶᠢ ᠴᠠᠭ ᠲᠤᠬᠠᠢ ᠳᠤᠨᠢ ᠪᠠᠭᠤᠯᠭᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠡᠷᠲᠡ ᠴᠣᠬᠤᠯᠠᠪᠤᠷᠢᠯᠠᠨ᠂ ᠡᠷᠲᠡ ᠪᠠᠭᠤᠯᠭᠠᠵᠤ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠭᠰᠠᠨ ᠪᠠᠶᠢᠨ᠎ᠠ᠃ ᠡᠭᠦᠨ ᠤ ᠬᠠᠮᠲᠤ᠂ ᠰᠠᠯᠠᠭ᠎ᠠ ᠮᠥᠴᠢᠷ ᠤᠨ ᠲᠥᠰᠥᠪ ᠢ ᠢᠯᠡ ᠪᠣᠯᠭᠠᠬᠤ ᠬᠠᠮᠢᠶ᠎ᠠ ᠪᠦᠬᠦᠢ ᠪᠡᠯᠡᠳᠬᠡᠯ ᠠᠵᠢᠯ ᠢ ᠵᠡᠷᠭᠡ ᠪᠠᠷ ᠰᠠᠶᠢᠲᠤᠷ ᠬᠢᠵᠦ᠂ ᠢᠯᠡ ᠪᠣᠯᠭᠠᠬᠤ ᠮᠡᠳᠡᠭᠦᠯᠦᠯᠲᠡ ᠪᠠ ᠳᠠᠭᠠᠯᠳᠤᠭᠤᠯᠤᠯ ᠬᠦᠰᠦᠨᠦᠭᠲᠦ ᠶᠢᠨ ᠵᠠᠭᠪᠤᠷ ᠢ ᠲᠣᠭᠲᠠᠭᠠᠨ᠂ ᠢᠯᠡ ᠪᠣᠯᠭᠠᠬᠤ ᠠᠭᠤᠯᠭ᠎ᠠ᠂ ᠬᠡᠯᠪᠡᠷᠢ ᠶᠢ ᠨᠢᠭᠡᠳᠦᠯᠲᠡᠢ ᠵᠢᠷᠤᠮᠵᠢᠭᠤᠯᠵᠤ᠂ ᠬᠡᠮᠵᠢᠶ᠎ᠡ ᠶᠢ ᠨᠠᠷᠢᠯᠢᠭᠵᠢᠭᠤᠯᠤᠨ᠂ ᠢᠯᠡ ᠪᠣᠯᠭᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠨ ᠬᠠᠷᠭᠤᠭᠤᠯᠵᠤ ᠪᠣᠭᠤᠮᠲᠠ ᠶᠢ ᠴᠢᠩᠭ᠎ᠠ ᠠᠳᠬᠤᠨ᠎ᠠ᠃ᠬᠤᠶᠠᠷ᠂ ᠠᠭᠤᠯᠭ᠎ᠠ ᠶᠢ ᠨᠠᠷᠢᠯᠢᠭᠵᠢᠭᠤᠯᠵᠤ᠂ ᠴᠣᠬᠤᠯᠠᠪᠤᠷᠢᠯᠠᠨ ᠬᠠᠷᠢᠭᠤᠯᠬᠤ ᠪᠠ ᠢᠯᠡ ᠪᠣᠯᠭᠠᠬᠤ ᠶᠢᠨ ᠪᠦᠷᠢᠨ ᠪᠦᠲᠦᠨ ᠴᠢᠨᠠᠷ ᠢ ᠳᠡᠭᠡᠭᠰᠢᠯᠡᠭᠦᠯᠬᠦ ᠬᠡᠷᠡᠭᠲᠡᠢ    2024 ᠣᠨ ᠤ ᠰᠠᠯᠠᠭ᠎ᠠ ᠮᠥᠴᠢᠷ ᠤᠨ ᠲᠥᠰᠥᠪ ᠤᠨ ᠴᠣᠬᠤᠯᠠᠪᠤᠷᠢᠯᠠᠯ ᠤᠨ ᠠᠭᠤᠯᠭ᠎ᠠ ᠳᠤ ᠰᠠᠯᠠᠭ᠎ᠠ ᠮᠥᠴᠢᠷ ᠤᠨ ᠲᠥᠰᠥᠪ ᠤᠨ ᠣᠷᠣᠯᠭ᠎ᠠ ᠵᠠᠷᠤᠯᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠲᠦᠷᠦᠯ ᠵᠦᠢᠯ ᠤᠨ ᠠᠮᠵᠢᠯᠲᠠ ᠪᠦᠲᠦᠮᠵᠢ ᠶᠢᠨ ᠬᠠᠷᠠᠯᠲᠠ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠳᠠᠯ᠂ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠪᠠᠶᠢᠳᠠᠯ ᠵᠡᠷᠭᠡ ᠪᠠᠶᠢᠳᠠᠯ ᠢ ᠪᠠᠭᠲᠠᠭᠠᠵᠤ᠂ ᠲᠥᠰᠥᠪ ᠤᠨ ᠴᠣᠬᠤᠯᠠᠪᠤᠷᠢᠯᠠᠯ ᠤᠨ ᠭᠤᠣᠯᠳᠠᠯᠭ᠎ᠠ ᠲᠠᠢ ᠪᠠᠶᠢᠳᠠᠯ ᠤᠨ ︽ᠪᠦᠬᠦᠨ ᠢ ᠬᠠᠮᠤᠷᠬᠤ︾ ᠶᠢ ᠬᠦᠴᠦᠯᠡᠨ ᠪᠡᠶᠡᠯᠡᠭᠦᠯᠪᠡ᠃ 2024 ᠣᠨ ᠤ ᠰᠠᠯᠠᠭ᠎ᠠ ᠮᠥᠴᠢᠷ ᠤᠨ ᠲᠥᠰᠥᠪ ᠢ ᠢᠯᠡ ᠪᠣᠯᠭᠠᠬᠤ ᠳᠤ ᠢᠯᠡ ᠮᠡᠳᠡᠭᠦᠯᠦᠯᠲᠡ ᠪᠠ ᠰᠠᠯᠠᠭ᠎ᠠ ᠮᠥᠴᠢᠷ ᠤᠨ ᠲᠥᠰᠥᠪ ᠢ ᠢᠯᠡ ᠪᠣᠯᠭᠠᠬᠤ ᠳᠠᠭᠠᠯᠳᠤᠭᠤᠯᠤᠯ ᠬᠦᠰᠦᠨᠦᠭᠲᠦ  ᠶᠢ ᠪᠠᠭᠲᠠᠭᠠᠵᠤ᠂ ᠡᠭᠦᠨ ᠳᠤ᠂ ᠳᠠᠭᠠᠯᠳᠤᠭᠤᠯᠤᠭᠰᠠᠨ ᠬᠦᠰᠦᠨᠦᠭᠲᠦ ᠳᠤ ᠰᠠᠯᠠᠭ᠎ᠠ ᠮᠥᠴᠢᠷ ᠤᠨ ᠣᠷᠣᠯᠭ᠎ᠠ ᠵᠠᠷᠤᠯᠭ᠎ᠠ ᠶᠢᠨ ᠲᠥᠰᠥᠪ ᠤᠨ ᠶᠡᠷᠦᠩᠬᠡᠢ ᠪᠠᠶᠢᠳᠠᠯ᠂ ᠰᠠᠯᠠᠭ᠎ᠠ ᠮᠥᠴᠢᠷ ᠤᠨ ᠣᠷᠣᠯᠭ᠎ᠠ ᠶᠢᠨ ᠶᠡᠷᠦᠩᠬᠡᠢ ᠪᠠᠶᠢᠳᠠᠯ᠂ ᠰᠠᠯᠠᠭ᠎ᠠ ᠮᠥᠴᠢᠷ ᠤᠨ ᠵᠠᠷᠤᠯᠭ᠎ᠠ ᠶᠢᠨ ᠶᠡᠷᠦᠩᠬᠡᠢ ᠪᠠᠶᠢᠳᠠᠯ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠪᠠᠶᠢᠳᠠᠯ᠂ ᠡᠩ ᠤᠨ ᠣᠯᠠᠨ ᠨᠡᠶᠢᠲᠡ ᠶᠢᠨ ᠲᠥᠰᠥᠪ ᠤᠨ ᠦᠨᠳᠦᠰᠦᠨ ᠵᠠᠷᠤᠯᠭ᠎ᠠ ᠶᠢᠨ ᠪᠠᠶᠢᠳᠠᠯ᠂ ᠡᠩ ᠤᠨ ᠣᠯᠠᠨ ᠨᠡᠶᠢᠲᠡ ᠶᠢᠨ ᠲᠥᠰᠥᠪ ᠤᠨ ︽ᠭᠤᠷᠪᠠᠨ ᠠᠯᠪᠠᠨ︾ ᠵᠠᠷᠤᠳᠠᠯ ᠤᠨ ᠵᠠᠷᠤᠯᠭ᠎ᠠ ᠶᠢᠨ ᠪᠠᠶᠢᠳᠠᠯ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠤᠨ ᠵᠠᠷᠤᠯᠭ᠎ᠠ ᠶᠢᠨ ᠪᠠᠶᠢᠳᠠᠯ ᠵᠡᠷᠭᠡ ᠶᠢ ᠪᠠᠭᠲᠠᠭᠠᠨ᠎ᠠ᠃ ᠢᠯᠡ ᠪᠣᠯᠭᠠᠬᠤ ᠨᠠᠷᠢᠨ ᠲᠣᠳᠣᠷᠬᠠᠢ ᠠᠭᠤᠯᠭ᠎ᠠ ᠨᠢ ᠲᠥᠰᠥᠪ ᠢ ᠢᠯᠡ ᠪᠣᠯᠭᠠᠬᠤ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠢ ᠦᠨᠡᠨ ᠬᠦ ᠪᠠᠲᠤᠯᠠᠵᠤ ᠴᠢᠳᠠᠨ᠎ᠠ᠃ᠭᠤᠷᠪᠠ᠂ ᠬᠠᠮᠢᠶᠠᠷᠤᠯᠲᠠ ᠶᠢ ᠴᠢᠩᠭᠠᠳᠬᠠᠵᠤ᠂ ᠴᠣᠬᠤᠯᠠᠪᠤᠷᠢᠯᠠᠨ ᠬᠠᠷᠢᠭᠤᠯᠬᠤ ᠪᠠ ᠢᠯᠡ ᠪᠣᠯᠭᠠᠬᠤ ᠶᠢᠨ ᠬᠢᠵᠠᠭᠠᠷᠯᠠᠬᠤ ᠬᠦᠴᠦᠨ ᠢ ᠴᠢᠩᠭᠠᠳᠬᠠᠬᠤ ᠬᠡᠷᠡᠭᠲᠡᠢ    ᠡᠯ᠎ᠡ ᠰᠠᠯᠠᠭ᠎ᠠ ᠮᠥᠴᠢᠷ ᠢ ᠴᠣᠬᠤᠯᠠᠪᠤᠷᠢᠯᠠᠨ ᠬᠠᠷᠢᠭᠤᠯᠤᠭᠰᠠᠨ ᠲᠥᠰᠥᠪ ᠤᠨ ᠵᠦᠢᠯᠡᠰ᠂ ᠵᠦᠢᠯ ᠢᠯᠭᠠᠯ ᠪᠠ ᠵᠣᠭᠤᠰ ᠤᠨ ᠲᠤᠭ᠎ᠠ ᠶᠢᠨ ᠶᠣᠰᠣᠭᠠᠷ ᠵᠠᠷᠤᠯᠭ᠎ᠠ ᠶᠢᠨ ᠲᠥᠰᠥᠪ ᠢ ᠬᠡᠷᠡᠭᠵᠢᠭᠦᠯᠬᠦ ᠶᠢ ᠴᠢᠩᠭ᠎ᠠ ᠱᠠᠭᠠᠷᠳᠠᠵᠤ᠂ ᠲᠥᠰᠥᠪ ᠤᠨ ᠵᠦᠢᠯ ᠢᠯᠭᠠᠯ ᠪᠠ ᠲᠥᠰᠥᠪ ᠤᠨ ᠵᠦᠢᠯᠡᠰ ᠢ ᠳᠤᠷ᠎ᠠ ᠪᠠᠷ ᠢᠶᠠᠨ ᠲᠣᠬᠢᠷᠠᠭᠤᠯᠬᠤ ᠪᠤᠶᠤ ᠬᠤᠯᠢᠨ ᠬᠡᠷᠡᠭᠯᠡᠬᠦ᠂ ᠬᠤᠳᠬᠤᠯᠳᠤᠭᠤᠯᠤᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠲᠥᠰᠥᠪ ᠠᠴᠠ ᠳᠠᠪᠠᠭᠤᠯᠤᠨ᠂ ᠲᠥᠰᠥᠪ ᠦᠭᠡᠢ ᠪᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠬᠦ ᠶᠢ ᠴᠢᠩᠭ᠎ᠠ ᠴᠠᠭᠠᠵᠠᠯᠠᠵᠤ᠂ ᠲᠥᠰᠥᠪ ᠤᠨ ᠬᠢᠵᠠᠭᠠᠷᠯᠠᠬᠤ ᠬᠦᠴᠦᠨ ᠢ ᠤᠯᠠᠮ ᠨᠢᠭᠡ ᠠᠯᠬᠤᠮ ᠬᠠᠲᠠᠭᠤᠷᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠰᠠᠯᠠᠭ᠎ᠠ ᠮᠥᠴᠢᠷ ᠤᠨ ᠲᠥᠰᠥᠪ ᠢ ᠢᠯᠡ ᠪᠣᠯᠭᠠᠬᠤ ᠪᠡᠶᠡᠴᠢ ᠴᠣᠭᠴᠠ ᠪᠣᠯ ᠡᠯ᠎ᠡ ᠰᠠᠯᠠᠭ᠎ᠠ ᠮᠥᠴᠢᠷ᠂ ᠨᠢᠭᠡᠴᠢ ᠪᠣᠯᠬᠤ ᠶᠢ ᠲᠣᠳᠣᠷᠬᠠᠶᠢᠯᠠᠵᠤ᠂ ᠲᠡᠳᠡᠨ ᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠡᠭᠦᠷᠭᠡ ᠪᠠᠨ ᠭᠦᠢᠴᠡᠳᠬᠡᠬᠦ ᠶᠢ ᠰᠢᠪᠠᠳᠠᠵᠤ᠂ ᠢᠯᠡ ᠪᠣᠯᠭᠠᠬᠤ ᠠᠭᠤᠯᠭ᠎ᠠ ᠳᠤ ᠬᠠᠷᠢᠭᠤᠴᠠᠬᠤ ᠶᠢ ᠴᠢᠩᠭ᠎ᠠ ᠱᠠᠭᠠᠷᠳᠠᠵᠤ᠂ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠲᠥᠰᠥᠪ ᠤᠨ ᠲᠤᠭ᠎ᠠ ᠪᠠᠷᠢᠮᠲᠠ ᠶᠢ ᠬᠢᠨᠠᠮᠠᠭᠠᠢ ᠬᠠᠷᠭᠤᠭᠤᠯᠵᠤ᠂ ︽ᠢᠯᠡ ᠲᠣᠳᠣ ᠲᠥᠰᠥᠪ︾ ᠢ ᠬᠦᠴᠦᠯᠡᠨ ᠪᠤᠢ ᠪᠣᠯᠭᠠᠨ᠎ᠠ᠃
 
ᠢᠷᠡᠯᠲᠡ᠄ ᠲᠥᠮᠡᠳ‌ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号