ᠦᠰᠦᠭ  ᠢᠶᠠᠷ ᠦᠭᠦᠯᠡᠬᠦᠢ᠄ ︽ᠲᠦᠮᠡᠳ ᠵᠡᠭᠦᠨ ᠬᠤᠰᠢᠭᠤᠨ ᠤ ᠬᠥᠳᠡᠭᠡ ᠲᠣᠰᠬᠤᠨ ᠪᠠ ᠬᠤᠲᠠ ᠪᠠᠯᠭᠠᠰᠤᠨ ᠤ ᠠᠮᠢᠳᠤᠷᠠᠯ ᠤᠨ ᠬᠠᠮᠤᠭ ᠳᠣᠣᠷᠠᠲᠣ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠲᠥᠷᠥᠯ ᠵᠦᠢᠯ ᠢ ᠬᠡᠷᠡᠭᠵᠢᠭᠦᠯᠬᠦ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/2/29
     ᠨᠢᠭᠡ᠂ ᠠᠬᠤᠢ ᠪᠠᠶᠢᠳᠠᠯ ᠤᠨ ᠲᠠᠨᠢᠯᠴᠠᠭᠤᠯᠭ᠎ᠠ     ᠬᠥᠬᠦᠨ ᠪᠤᠯᠴᠢᠷᠬᠠᠢ ᠶᠢᠨ ᠥᠮᠡᠨ ᠪᠠ ᠰᠠᠪᠠ ᠶᠢᠨ ᠬᠦᠵᠦᠭᠦᠨ ᠤ ᠥᠮᠡᠨ ︵ᠳᠣᠷᠣᠭᠰᠢ ︽ᠬᠤᠶᠠᠷ ᠥᠮᠡᠨ︾ ᠭᠡᠵᠦ ᠲᠣᠪᠴᠢᠯᠠᠨ᠎ᠠ︶ ᠪᠣᠯ ᠡᠮᠡᠭᠲᠡᠶᠢᠴᠦᠳ ᠲᠤ ᠪᠠᠶᠢᠩᠭᠤ ᠲᠣᠬᠢᠶᠠᠯᠳᠤᠳᠠᠭ ᠬᠤᠣᠷᠲᠤ ᠬᠠᠪᠤᠳᠠᠷ ᠤᠨ ᠨᠢᠭᠡ ᠮᠥᠨ᠂ ᠲᠡᠷᠡ ᠨᠢ ᠡᠮᠡᠭᠲᠡᠶᠢᠴᠦᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠦᠨᠳᠦ ᠨᠣᠴᠢᠲᠠᠢ ᠰᠦᠷᠳᠡᠭᠦᠯᠦᠯ ᠪᠣᠯᠵᠤ ᠪᠠᠶᠢᠳᠠᠭ᠃ ︽ᠬᠤᠶᠠᠷ ᠥᠮᠡᠨ︾ ᠢ ᠡᠷᠲᠡ ᠣᠨᠣᠰᠢᠯᠠᠵᠤ ᠡᠷᠲᠡ ᠵᠠᠰᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠦᠬᠦᠯᠲᠡ ᠶᠢᠨ ᠨᠣᠷᠮ᠎ᠠ ᠶᠢ ᠪᠠᠭᠤᠷᠠᠭᠤᠯᠵᠤ᠂ ᠡᠭᠦᠨ ᠤ ᠬᠠᠮᠲᠤ ᠡᠮᠡᠭᠲᠡᠶᠢᠴᠦᠳ ᠤᠨ ᠲᠤᠰ ᠪᠡᠶ᠎ᠡ ᠶᠢᠨ ᠡᠷᠡᠭᠦᠯ ᠮᠡᠨᠳᠦ ᠶᠢᠨ ᠲᠤᠬᠠᠢ ᠲᠠᠨᠢᠯᠲᠠ ᠪᠠ ᠠᠩᠬᠠᠷᠤᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠲᠦᠮᠡᠳ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤ ᠶᠢᠨ ᠠᠮᠢᠳᠤᠷᠠᠯ ‍ᠤᠨ‌ᠬᠠᠮᠤᠭ ᠳᠣᠣᠷᠠᠲᠣ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︿ᠬᠤᠶᠠᠷ ᠥᠮᠡᠨ﹀ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠤᠨ ᠮᠡᠳᠡᠭᠳᠡᠯ︾  ᠵᠢᠴᠢ ︽ᠬᠥᠬᠡᠬᠤᠲᠠ ᠶᠢᠨ ᠬᠥᠳᠡᠭᠡ ᠲᠣᠰᠬᠤᠨ ᠪᠠ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︿ᠬᠤᠶᠠᠷ ᠥᠮᠡᠨ﹀ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠤᠨ ᠮᠡᠳᠡᠭᠳᠡᠯ︾  ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠪᠠ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠲᠥᠷᠥᠯ ᠵᠦᠢᠯ ᠢ ᠢᠳᠡᠪᠬᠢᠲᠡᠢ ᠪᠠᠷ ᠥᠷᠨᠢᠭᠦᠯᠦᠨ᠎ᠡ᠃     ᠬᠤᠶᠠᠷ᠂ ᠲᠥᠷᠥ ᠶᠢᠨ ᠪᠣᠳᠣᠯᠭ᠎ᠠ ᠶᠢᠨ ᠳᠦᠭᠦᠮ ᠲᠠᠶᠢᠯᠪᠤᠷᠢᠯᠠᠯ     ᠰᠦᠢᠳᠬᠡᠯ ᠬᠤᠷᠢᠶᠠᠬᠤ ᠦᠭᠡᠢ ᠬᠤᠶᠠᠷ ᠥᠮᠡᠨ ᠢ ᠰᠢᠭᠰᠢᠨ ᠪᠠᠶᠢᠴᠠᠭᠠᠬᠤ ᠲᠥᠷᠥᠯ ᠵᠦᠢᠯ ᠨᠢ ᠡᠮᠡᠭᠲᠡᠶᠢᠴᠦᠳ ᠲᠤ ᠬᠥᠬᠦᠨ ᠪᠤᠯᠴᠢᠷᠬᠠᠢ ᠶᠢᠨ ᠥᠮᠡᠨ ᠪᠠ ᠰᠠᠪᠠ ᠶᠢᠨ ᠬᠦᠵᠦᠭᠦᠨ ᠤ ᠥᠮᠡᠨ ᠢ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠡᠷᠲᠡ ᠠᠴᠠ ᠢᠯᠡᠷᠡᠭᠦᠯᠬᠦ ᠪᠠ ᠡᠮᠨᠡᠨ ᠵᠠᠰᠠᠬᠤ ᠪᠠᠷ ᠳᠡᠮᠵᠢᠨ᠂ ᠬᠤᠶᠠᠷ ᠥᠮᠡᠨ ᠤ ᠡᠪᠡᠳᠴᠢᠯᠡᠬᠦ ᠨᠣᠷᠮ᠎ᠠ ᠪᠠ ᠦᠬᠦᠬᠦ ᠨᠣᠷᠮ᠎ᠠ ᠶᠢ ᠪᠠᠭᠤᠷᠠᠭᠤᠯᠵᠤ᠂ ᠡᠮᠡᠭᠲᠡᠶᠢᠴᠦᠳ ᠤᠨ ᠣᠷᠣᠰᠢᠨ ᠠᠮᠢᠳᠤᠷᠠᠬᠤ ᠨᠣᠷᠮ᠎ᠠ ᠪᠠ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠣᠰ ᠲᠥᠷᠥᠯ ᠵᠦᠢᠯ ᠨᠢ ᠤᠬᠠᠭᠤᠯᠭ᠎ᠠ ᠬᠥᠮᠦᠵᠢᠯ᠂ ᠵᠣᠬᠢᠶᠠᠨ ᠪᠠᠶᠢᠭᠤᠯᠤᠯᠲᠠ ᠶᠢᠨ ᠳᠠᠶᠢᠴᠢᠯᠠᠯᠲᠠ᠂ ᠰᠢᠭᠰᠢᠨ ᠪᠠᠶᠢᠴᠠᠭᠠᠵᠤ ᠳᠠᠩᠰᠠᠯᠠᠬᠤ᠂ ᠪᠠᠶᠢᠴᠠᠭᠠᠵᠤ ᠬᠡᠷᠡᠭᠵᠢᠭᠦᠯᠬᠦ ᠵᠡᠷᠭᠡ ᠠᠯᠬᠤᠮ ᠳᠠᠷᠠᠭ᠎ᠠ ᠪᠠᠷ ᠳᠡᠮᠵᠢᠨ᠂ ᠪᠥᠬᠦ ᠬᠤᠰᠢᠭᠤᠨ ᠤ 35 ︱ 64 ᠨᠠᠰᠤᠨ ᠤ ᠡᠮᠡᠭᠲᠡᠶᠢᠴᠦᠳ ᠢ ᠪᠥᠬᠦ ᠲᠠᠯ᠎ᠠ ᠪᠠᠷ ᠬᠠᠮᠤᠷᠪᠠ᠂ ᠡᠨᠡ ᠬᠦ ᠲᠥᠷᠥᠯ ᠵᠦᠢᠯ ᠢ ᠬᠡᠷᠡᠭᠵᠢᠭᠦᠯᠬᠦ ᠨᠢ ᠡᠮᠡᠭᠲᠡᠶᠢᠴᠦᠳ ᠤᠨ ᠡᠷᠡᠭᠦᠯ ᠮᠡᠨᠳᠦ ᠶᠢᠨ ᠪᠠᠶᠢᠳᠠᠯ ᠢ ᠰᠠᠶᠢᠵᠢᠷᠠᠭᠤᠯᠬᠤ ᠳᠤ ᠠᠰᠢᠭᠲᠠᠢ ᠪᠠᠷ ᠪᠠᠷᠠᠬᠤ ᠦᠭᠡᠢ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢ ᠠᠬᠢᠭᠤᠯᠬᠤ ᠳᠤ ᠴᠤ ᠴᠢᠬᠤᠯᠠ ᠠᠴᠢ ᠬᠤᠯᠪᠣᠭᠳᠠᠯ ᠲᠠᠢ ᠶᠤᠮ᠃     ᠭᠤᠷᠪᠠ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠲᠡᠭᠡᠳ ᠪᠠ ᠬᠦᠷᠢᠶ᠎ᠡ ᠬᠡᠪᠴᠢᠶ᠎ᠡ     ᠲᠦᠮᠡᠳ ᠵᠡᠭᠦᠨ ᠬᠤᠰᠢᠭᠤᠨ ᠤ ᠡᠷᠦᠬᠡ ᠠᠮᠠ ᠶᠢᠨ ᠲᠠᠩᠰᠠ ︵ᠪᠤᠶᠤ ᠲᠦᠮᠡᠳ ᠵᠡᠭᠦᠨ ᠬᠤᠰᠢᠭᠤᠨ ᠤ ᠬᠦᠴᠦᠨ ᠪᠦᠬᠦᠢ ᠣᠷᠣᠰᠢᠨ ᠰᠠᠭᠤᠬᠤ ᠦᠨᠡᠮᠯᠡᠯ︶ ᠲᠠᠢ ᠬᠥᠳᠡᠭᠡ ᠲᠣᠰᠬᠤᠨ᠂ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ 35 ︱ 64 ᠨᠠᠰᠤᠨ ᠤ ᠡᠮᠡᠭᠲᠡᠶᠢᠴᠦᠳ᠃     ᠳᠥᠷᠪᠡ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ     2022 ᠣᠨ ᠠᠴᠠ ᠡᠬᠢᠯᠡᠨ᠂ ᠵᠣᠬᠢᠬᠤ ᠨᠠᠰᠤᠨ ᠤ ᠡᠮᠡᠭᠲᠡᠶᠢᠴᠦᠳ ᠤᠨ ᠰᠦᠢᠳᠬᠡᠯ ᠥᠯᠥ ᠬᠤᠷᠢᠶᠠᠬᠤ ᠬᠤᠶᠠᠷ ᠥᠮᠡᠨ ᠤ ᠰᠢᠭᠰᠢᠨ ᠪᠠᠶᠢᠴᠠᠭᠠᠯᠲᠠ ᠶᠢ ᠭᠤᠷᠪᠠᠨ ᠵᠢᠯ ᠳᠤ ᠨᠢᠭᠡ ᠦᠶᠡᠯᠡᠯ ᠪᠣᠯᠭᠠᠵᠤ᠂ 2022 ᠣᠨ ᠳᠤ ᠡᠩ ᠲᠡᠷᠢᠭᠦᠨ ᠳᠤ 55 ︱ 64 ᠨᠠᠰᠤᠨ ᠤ ᠡᠮᠡᠭᠲᠡᠶᠢᠴᠦᠳ ᠲᠤ ᠰᠢᠭᠰᠢᠨ ᠪᠠᠶᠢᠴᠠᠭᠠᠯᠲᠠ ᠬᠢᠵᠦ᠂ 2023 ᠣᠨ ᠳᠤ ᠡᠩ ᠲᠡᠷᠢᠭᠦᠨ ᠳᠤ 45 ︱ 55 ᠨᠠᠰᠤᠨ ᠤ ᠡᠮᠡᠭᠲᠡᠶᠢᠴᠦᠳ ᠲᠤ ᠰᠢᠭᠰᠢᠨ ᠪᠠᠶᠢᠴᠠᠭᠠᠯᠲᠠ ᠬᠢᠵᠦ᠂ 2024 ᠣᠨ ᠳᠤ ᠡᠩ ᠲᠡᠷᠢᠭᠦᠨ ᠳᠤ 35 ︱ 45 ᠨᠠᠰᠤᠨ ᠤ ᠡᠮᠡᠭᠲᠡᠶᠢᠴᠦᠳ ᠲᠤ ᠰᠢᠭᠰᠢᠨ ᠪᠠᠶᠢᠴᠠᠭᠠᠯᠲᠠ ᠬᠢᠵᠦ᠂ 2024 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ᠃      ᠲᠠᠪᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠣᠳᠠᠲᠠᠢ ᠲᠠᠶᠢᠯᠪᠤᠷᠢᠯᠠᠯᠲᠠ ᠪᠠ ᠲᠣᠳᠣᠷᠬᠠᠶᠢᠯᠠᠯᠲᠠ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︿ᠬᠤᠶᠠᠷ ᠥᠮᠡᠨ﹀ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠤᠨ ᠮᠡᠳᠡᠭᠳᠡᠯ︾ ᠵᠢᠴᠢ ︽ᠬᠥᠬᠡᠬᠤᠲᠠ ᠶᠢᠨ ᠬᠥᠳᠡᠭᠡ ᠲᠣᠰᠬᠤᠨ ᠪᠠ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︿ᠬᠤᠶᠠᠷ ᠥᠮᠡᠨ﹀ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠳ᠋ ᠤᠨ ᠵᠠᠰᠠᠭ᠂ ᠠᠷᠠᠳ ᠤᠨ ᠶᠠᠪᠤᠳᠠᠯ᠂ ᠲᠤᠭ᠎ᠠ ᠪᠦᠷᠢᠳᠬᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ ᠮᠥᠴᠢᠷ ᠤᠨ ᠣᠷᠣᠯᠴᠠᠭᠰᠠᠨ ︽ᠬᠤᠶᠠᠷ ᠥᠮᠡᠨ︾ ᠢ ᠰᠦᠢᠳᠬᠡᠯ ᠬᠤᠷᠢᠶᠠᠬᠤ ᠦᠭᠡᠢ ᠪᠠᠷ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠠᠵᠢᠯ ᠬᠤᠪᠢᠶᠠᠷᠢᠯᠠᠨ ᠬᠠᠷᠢᠭᠤᠴᠠᠬᠤ᠂ ᠵᠣᠬᠢᠴᠠᠩᠭᠤᠢ ᠪᠥᠭᠡᠳ ᠡᠮᠬᠢ ᠵᠢᠷᠤᠮ ᠲᠠᠢ ᠠᠵᠢᠯ ᠤᠨ ᠲᠣᠭᠲᠠᠴᠠ ᠶᠢ ᠪᠣᠶ ᠪᠣᠯᠭᠠᠵᠤ᠂ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃     ᠵᠢᠷᠭᠤᠭ᠎ᠠ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢᠨ ᠵᠢᠱᠢᠯᠲᠡ ᠵᠢᠴᠢ ᠦᠨᠡᠯᠡᠨ ᠵᠢᠱᠢᠬᠦ ᠠᠷᠭ᠎ᠠ ᠮᠠᠶ᠋ᠢᠭ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︿ᠬᠤᠶᠠᠷ ᠥᠮᠡᠨ﹀ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠤᠨ ᠮᠡᠳᠡᠭᠳᠡᠯ︾ ︵ᠥᠪᠥᠷ ᠮᠣᠩᠭᠤᠯ ᠡᠬᠡ ᠨᠢᠯᠬᠠᠰ ᠤᠨ ᠲᠠᠷᠬᠠᠭᠠᠭᠰᠠᠨ ︿2022﹀ 6 ᠳ᠋ᠤᠭᠠᠷ ᠲᠣᠭᠠᠲᠤ︶ ᠵᠢᠴᠢ ︽ᠬᠥᠬᠡᠬᠤᠲᠠ ᠶᠢᠨ ᠬᠥᠳᠡᠭᠡ ᠲᠣᠰᠬᠤᠨ ᠪᠠ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︿ᠬᠤᠶᠠᠷ ᠥᠮᠡᠨ﹀ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠤᠨ ᠮᠡᠳᠡᠭᠳᠡᠯ︾ ︵ᠬᠥᠬᠡᠬᠤᠲᠠ ᠸᠧᠢ ᠵᠢᠶᠠᠨ ᠥᠰᠥᠭ ︿2022﹀ 228 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2024 ᠣᠨ ᠤ ᠰᠦᠢᠳᠬᠡᠯ ᠬᠤᠷᠢᠶᠠᠬᠤ ᠦᠭᠡᠢ ᠪᠠᠷ ᠬᠤᠶᠠᠷ ᠥᠮᠡᠨ ᠢ ᠰᠢᠭᠰᠢᠨ ᠪᠠᠶᠢᠴᠠᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ ᠂ ᠬᠤᠶᠠᠷ ᠥᠮᠡᠨ ᠢ ᠰᠢᠭᠰᠢᠨ ᠪᠠᠶᠢᠴᠠᠭᠠᠬᠤ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ᠂ ᠰᠠᠪᠠ ᠶᠢᠨ ᠬᠦᠵᠦᠭᠦᠨ ᠤ ᠥᠮᠡᠨ ᠢ ᠡᠷᠲᠡ ᠣᠨᠣᠰᠢᠯᠠᠭᠰᠠᠨ ᠨᠣᠷᠮ᠎ᠠ᠂ ᠬᠥᠬᠦᠨ ᠪᠤᠯᠴᠢᠷᠬᠠᠢ ᠶᠢᠨ ᠥᠮᠡᠨ ᠢ ᠡᠷᠲᠡ ᠣᠨᠣᠰᠢᠯᠠᠭᠰᠠᠨ ᠨᠣᠷᠮ᠎ᠠ᠂ ︽ᠬᠤᠶᠠᠷ ᠥᠮᠡᠨ︾ ᠤᠨ ᠠᠷᠭ᠎ᠠ ᠴᠢᠨᠠᠷᠲᠠᠢ ᠣᠨᠴᠠᠭᠠᠶ ᠬᠡᠷᠡᠭ ᠤᠨ ᠡᠮᠴᠢᠯᠡᠭᠡᠨ ᠤ ᠳᠠᠭᠠᠵᠤ ᠰᠤᠷᠪᠤᠯᠵᠢᠯᠠᠭᠰᠠᠨ ᠨᠣᠷᠮ᠎ᠠ ᠶᠢ ᠲᠣᠰ ᠲᠣᠰ 90%᠂ 70% ᠪᠠ 95%  ᠠᠴᠠ ᠳᠡᠭᠡᠭᠰᠢ ᠳᠤ ᠬᠦᠷᠦᠭᠦᠯᠦᠭᠰᠡᠨ ᠪᠠᠶᠢᠨ᠎ᠠ᠃     ᠳᠣᠯᠤᠭ᠎ᠠ᠂ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠳᠡᠯᠭᠡᠷᠡᠭᠦᠯᠬᠦ ᠠᠷᠭ᠎ᠠ ᠬᠡᠮᠵᠢᠶ᠎ᠡ     ︵ᠨᠢᠭᠡ︶ ᠡᠯ᠎ᠡ ᠰᠢᠶᠠᠩ ᠪᠠᠯᠭᠠᠰᠤ᠂ ᠬᠤᠯᠪᠣᠭᠳᠠᠯ ᠪᠦᠬᠦᠢ ᠨᠢᠭᠡᠴᠡ᠂ ᠡᠯ᠎ᠡ ᠪᠦᠷᠢᠯᠳᠦᠭᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠣᠯᠠᠨ ᠵᠦᠢᠯ ᠤᠨ ᠬᠡᠯᠪᠡᠷᠢ ᠶᠢ ᠠᠰᠢᠭᠯᠠᠨ ᠡᠮᠡᠭᠲᠡᠶᠢᠴᠦᠳ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠡᠮᠡᠭᠲᠡᠶᠢᠴᠦᠳ ᠤᠨ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠪᠠ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠦᠢᠯᠡᠴᠢᠯᠡᠬᠦ ᠡᠲᠡᠭᠡᠳ ᠲᠤ ︽ᠬᠤᠶᠠᠷ ᠥᠮᠡᠨ︾ ᠢ ᠪᠠᠶᠢᠴᠠᠭᠠᠬᠤ ᠶᠢᠨ ᠵᠣᠷᠢᠯᠭ᠎ᠠ᠂ ᠠᠴᠢ ᠬᠤᠯᠪᠣᠭᠳᠠᠯ ᠪᠠ ᠠᠭᠤᠯᠭ᠎ᠠ ᠶᠢ ᠴᠠᠭ ᠲᠤᠬᠠᠢ ᠳᠤᠨᠢ ᠣᠶᠢᠯᠠᠭᠠᠭᠤᠯᠵᠤ᠂ ᠰᠠᠶᠢᠨ ᠳᠤᠷ᠎ᠠ  ᠠᠴᠠ ᠪᠠᠨ᠂ ᠰᠠᠨᠠᠭᠠᠴᠢᠯᠠᠭ᠎ᠠ  ᠠᠴᠠ ᠪᠠᠨ ᠣᠷᠣᠯᠴᠠᠭᠤᠯᠤᠨ᠎ᠠ᠃     ︵ᠬᠤᠶᠠᠷ︶ ᠲᠦᠮᠡᠳ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠨᠢ ᠤᠯᠠᠷᠢᠯ ᠪᠦᠷᠢ ᠳᠤ ᠡᠯ᠎ᠡ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠤᠶᠠᠷ ᠥᠮᠡᠨ ᠤ ᠰᠢᠭᠰᠢᠨ ᠪᠠᠶᠢᠴᠠᠭᠠᠯᠲᠠ ᠶᠢ ᠬᠠᠷᠢᠭᠤᠴᠠᠵᠤ ᠪᠠᠶᠢᠭ᠎ᠠ ᠡᠮᠴᠢ ᠵᠢᠴᠢ ᠮᠡᠳᠡᠭᠡ ᠵᠠᠩᠭᠢ ᠣᠷᠤᠭᠤᠯᠤᠭᠰᠠᠳ ᠲᠤ ᠬᠠᠨᠳᠤᠯᠭᠠᠲᠤ ᠴᠢᠨᠠᠷᠲᠠᠢ ᠪᠣᠯᠪᠠᠰᠤᠷᠠᠭᠤᠯᠤᠯ ᠬᠢᠵᠦ᠂ ᠬᠤᠶᠠᠷ ᠥᠮᠡᠨ ᠤ ᠰᠢᠭᠰᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠣᠨᠣᠪᠴᠢᠲᠤ ᠴᠢᠨᠠᠷ ᠢ ᠳᠡᠭᠡᠭᠰᠢᠯᠡᠭᠦᠯᠦᠨ᠂ ᠬᠤᠶᠠᠷ ᠥᠮᠡᠨ ᠤ ᠰᠢᠭᠰᠢᠨ ᠪᠠᠶᠢᠴᠠᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃     ︵ᠭᠤᠷᠪᠠ︶ ᠬᠤᠰᠢᠭᠤᠨ ᠤ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠠᠵᠢᠯ ᠤᠨ ᠬᠠᠮᠲᠤᠷᠠᠭᠰᠠᠨ ᠬᠤᠷᠠᠯ  ᠠᠴᠠ ᠵᠢᠯ ᠪᠦᠷᠢ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠪᠡᠯᠡ ᠮᠥᠩᠭᠦ ᠶᠢᠨ ᠪᠠᠲᠤᠯᠠᠭ᠎ᠠ᠂ ᠤᠬᠠᠭᠤᠯᠤᠨ ᠳᠠᠶᠢᠴᠢᠯᠠᠬᠤ᠂ ᠵᠣᠬᠢᠶᠠᠨ ᠪᠠᠶᠢᠭᠤᠯᠤᠨ ᠬᠠᠮᠢᠶᠠᠷᠬᠤ᠂ ᠰᠢᠭᠰᠢᠨ ᠪᠠᠶᠢᠴᠠᠭᠠᠬᠤ ᠶᠠᠰᠤ ᠴᠢᠨᠠᠷ ᠵᠢᠴᠢ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠵᠡᠷᠭᠡ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠤᠭᠤᠳᠴᠤ᠂ ᠲᠥᠷᠥᠯ ᠵᠦᠢᠯ ᠢ ᠬᠡᠷᠡᠭᠵᠢᠭᠦᠯᠦᠭᠰᠡᠨ ᠦᠷ᠎ᠡ ᠳ᠋ᠦᠩ ᠳᠤ ᠦᠨᠡᠯᠡᠯᠲᠡ ᠬᠢᠬᠦ ᠶᠢᠨ ᠬᠠᠮᠲᠤ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ ᠵᠠᠷᠯᠠᠨ ᠮᠡᠳᠡᠭᠳᠡᠨ᠎ᠡ᠃  
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号