ᠨᠢᠭᠡᠳᠦᠭᠡᠷ ᠵᠦᠢᠯ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ | ᠲᠦᠮᠡᠳ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠲᠦᠮᠡᠳ ᠵᠡᠭᠦᠨ ᠬᠤᠰᠢᠭᠤᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠣᠯ ᠲᠦᠮᠡᠳ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠃ ᠵᠢᠩᠬᠢᠨᠢ | ᠰᠠᠯᠠᠭᠠᠨ ᠤ ᠲᠠᠰ ᠤᠨ ᠨᠢᠭᠡᠴᠡ ᠪᠣᠯᠣᠨ᠎ᠠ᠃ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠲᠦᠮᠡᠳ ᠵᠡᠭᠦᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠤᠨ | ᠫᠠᠶᠢᠰᠠ ᠶᠢ ᠨᠡᠮᠡᠵᠦ ᠡᠯᠭᠦᠨ᠎ᠡ᠃ | ᠭᠤᠷᠪᠠᠳᠤᠭᠠᠷ ᠵᠦᠢᠯ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠭᠤᠣᠯ | ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠥᠪᠯᠡᠷᠡᠩᠭᠦᠢ ᠨᠢᠭᠡᠳᠦᠯᠲᠡᠢ ᠤᠳᠤᠷᠢᠳᠤᠨ᠎ᠠ᠃ ᠤᠯᠤᠰ ᠤᠨ ᠡᠳ᠋ ᠤᠨ ᠵᠠᠰᠠᠭ᠂ ᠭᠠᠢᠯᠢ | ᠲᠠᠲᠠᠪᠤᠷᠢ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ | ᠡᠳ᠋ ᠤᠨ ᠵᠠᠰᠠᠭ᠂ ᠭᠠᠢᠯᠢ ᠲᠠᠲᠠᠪᠤᠷᠢ ᠶᠢᠨ ᠤᠷᠲᠤ ᠬᠤᠭᠤᠴᠠᠭᠠᠨ ᠤ ᠲᠥᠯᠦᠪᠵᠢᠭᠦᠯᠭᠡ᠂ ᠲᠥᠯᠥᠪᠯᠡᠭᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠢᠭᠤᠯᠵᠤ ᠬᠡᠷᠡᠭᠵᠢᠭᠦᠯᠦᠨ᠎ᠡ᠃ | (ᠬᠤᠶᠠᠷ) ᠳᠡᠭᠡᠳᠦ ᠱᠠᠲᠤᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠣᠳᠣᠯᠲᠠ ᠶᠢᠨ | ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠤᠶᠢᠷᠢᠮ ᠲᠣᠭᠲᠠᠭᠠᠯ ᠢ ᠬᠢᠨᠠᠵᠤ | ᠬᠡᠷᠡᠭᠵᠢᠭᠦᠯᠦᠨ᠎ᠡ᠃ | ︵ᠭᠤᠷᠪᠠ︶ ᠪᠥᠬᠦ ᠬᠤᠰᠢᠭᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠬᠠᠮᠢᠶᠠᠷᠤᠯᠲᠠ ᠶᠢ ᠬᠠᠷᠢᠭᠤᠴᠠᠨ ᠬᠠᠮᠢᠶᠠᠷᠤᠨ᠎ᠠ᠃ ᠣᠨ ᠤ ᠪᠥᠬᠦ ᠬᠤᠰᠢᠭᠤᠨ ᠤ ᠲᠥᠰᠥᠪ ᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠡᠳ᠋ ᠤᠨ ᠵᠠᠰᠠᠭ ᠤᠨ | ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠬᠤᠷᠢᠶᠠᠩᠭᠤᠶᠢᠯᠠᠬᠤ ᠶᠢ ᠬᠠᠷᠢᠭᠤᠴᠠᠨ᠎ᠠ᠃ ᠪᠥᠬᠦ | ᠬᠤᠰᠢᠭᠤᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠲᠤᠭ᠎ᠠ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ | ᠪᠥᠬᠦ ᠬᠤᠰᠢᠭᠤᠨ ᠤ ᠰᠠᠯᠠᠭ᠎ᠠ ᠮᠥᠴᠢᠷ ︵ᠨᠢᠭᠡᠴᠡ︶ ᠤᠨ ᠣᠨ ᠤ ᠲᠥᠰᠥᠪ ᠪᠠ ᠲᠥᠰᠥᠪ ᠤᠨ ᠭᠦᠢᠴᠡᠳᠬᠡᠯ ᠢ | ᠬᠢᠨᠠᠨ ᠬᠠᠷᠭᠤᠭᠤᠯᠵᠤ ᠴᠣᠬᠤᠯᠠᠪᠤᠷᠢᠯᠠᠬᠤ ᠶᠢ ᠬᠠᠷᠢᠭᠤᠴᠠᠨ᠎ᠠ᠃ ᠬᠤᠰᠢᠭᠤᠨ ᠠᠷᠠᠳ ᠤᠨ ᠵᠠᠰᠠᠭ ᠤᠨ ᠣᠷᠳᠣᠨ ᠤ | ᠨᠠᠶᠢᠳᠠᠯᠭ᠎ᠠ ᠪᠠᠷ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠪᠥᠬᠦ ᠬᠤᠰᠢᠭᠤᠨ ᠤ ᠣᠨ ᠤ | ᠡᠳ᠋ ᠤᠨ ᠵᠠᠰᠠᠭ ᠤᠨ ᠲᠥᠰᠥᠪ ᠵᠢᠴᠢ ᠭᠦᠢᠴᠡᠳᠬᠡᠭᠰᠡᠨ ᠪᠠᠶᠢᠳᠠᠯ ᠢᠶᠠᠨ ᠮᠡᠳᠡᠭᠦᠯᠵᠦ᠂ ᠬᠤᠰᠢᠭᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠪᠥᠬᠦ ᠬᠤᠰᠢᠭᠤᠨ ᠤ | ᠲᠥᠰᠥᠪ ᠪᠠ ᠲᠥᠰᠥᠪ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ | ︵ᠳᠥᠷᠪᠡ︶ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠡᠷᠬᠡ ᠮᠡᠳᠡᠯ ᠤᠨ | ᠬᠡᠪᠴᠢᠶᠡᠨ ᠳᠣᠲᠣᠷᠠᠬᠢ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠠᠷᠭ᠎ᠠ ᠵᠢᠴᠢ ᠭᠠᠶᠢᠯᠢ ᠲᠠᠲᠠᠪᠤᠷᠢ ᠶᠢᠨ | ᠲᠣᠬᠢᠷᠠᠭᠤᠯᠤᠯᠲᠠ ᠶᠢᠨ ᠲᠥᠰᠥᠯ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ | ᠃ | ︵ᠲᠠᠪᠤ︶ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ | ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠬᠠᠮᠢᠶᠠᠷᠤᠯᠲᠠ ᠶᠢ | ᠬᠠᠷᠢᠭᠤᠴᠠᠨ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠲᠣᠭᠲᠠᠭᠠᠯ ᠶᠣᠰᠣᠭᠠᠷ | ᠬᠠᠮᠢᠶᠠᠷᠤᠨ᠎ᠠ᠃ ᠡᠳ᠋ ᠤᠨ ᠵᠠᠰᠠᠭ ᠤᠨ ᠪᠠᠷᠢᠮᠲᠠ ᠶᠢ ᠬᠠᠮᠢᠶᠠᠷᠤᠨ᠎ᠠ᠃ ᠰᠤᠭᠤᠯᠤᠭ᠎ᠠ ᠶᠢᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠰᠤᠭᠤᠯᠤᠭ᠎ᠠ ᠶᠢᠨ ᠪᠡᠯᠡ ᠮᠥᠩᠭᠦ ᠶᠢ | ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ᠃ | ︵ᠵᠢᠷᠭᠤᠭ᠎ᠠ︶ ᠪᠥᠬᠦ ᠬᠤᠰᠢᠭᠤᠨ ᠤ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ | ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠪᠥᠬᠦ ᠬᠤᠰᠢᠭᠤᠨ ᠤ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠤᠭᠤᠳᠬᠤ ᠪᠠ | ᠬᠢᠨᠠᠯᠲᠠ ᠲᠠᠯᠪᠢᠵᠤ᠂ ᠲᠣᠭᠲᠠᠭᠠᠯ ᠶᠣᠰᠣᠭᠠᠷ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ | ᠠᠵᠢᠯ ᠢ ᠥᠷᠨᠢᠭᠦᠯᠦᠨ᠎ᠡ᠃ | ︵ᠳᠣᠯᠤᠭ᠎ᠠ︶ ᠤᠯᠤᠰ ᠤᠨ ᠵᠠᠰᠠᠭ ᠤᠨ ᠣᠷᠳᠣᠨ ᠤ ᠳᠣᠲᠣᠷ᠎ᠠ ᠭᠠᠳᠠᠨᠠᠬᠢ ᠥᠷᠢ ᠥᠭᠴᠡᠭᠡ ᠶᠢᠨ | ᠬᠠᠮᠢᠶᠠᠷᠤᠯᠲᠠ ᠶᠢᠨ ᠳᠦᠷᠢᠮ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ | ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ | ᠠᠷᠭ᠎ᠠ ᠶᠢ ᠬᠠᠤᠯᠢ ᠶᠣᠰᠣᠭᠠᠷ ᠲᠣᠭᠲᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ | ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷᠯᠠᠭᠰᠠᠨ ᠲᠤᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ᠵᠠᠰᠠᠭ ᠤᠨ ᠣᠷᠳᠣᠨ ᠤ ᠳᠣᠲᠣᠷ᠎ᠠ ᠭᠠᠳᠠᠨᠠᠬᠢ ᠥᠷᠢ ᠥᠭᠴᠡᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠢ | ᠬᠠᠮᠢᠶᠠᠷᠬᠤ ᠶᠢ ᠬᠠᠷᠢᠭᠤᠴᠠᠨ᠎ᠠ᠃ | ︵ᠨᠠᠢᠮᠠ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ | ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠨ᠎ᠠ᠃ ᠬᠤᠰᠢᠭᠤᠨ ᠵᠠᠰᠠᠭ ᠤᠨ ᠣᠷᠳᠣᠨ ᠤ ᠣᠯᠭᠤᠭᠰᠠᠨ | ᠡᠷᠬᠡ ᠶᠢ ᠦᠨᠳᠦᠰᠦᠯᠡᠨ᠂ ᠬᠤᠰᠢᠭᠤᠨ ᠲᠣᠰ ᠱᠠᠲᠤᠨ ᠤ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ | ᠬᠥᠷᠥᠩᠭᠡ ᠶᠢᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠢ ᠭᠦᠢᠴᠡᠳᠬᠡᠵᠦ᠂ | ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠤᠨ᠎ᠠ᠃ | | ︵ᠶᠢᠰᠦ︶ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠠ | ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠪᠠ ᠬᠤᠷᠢᠶᠠᠩᠭᠤᠶᠢᠯᠠᠨ ᠨᠠᠶᠢᠷᠠᠭᠤᠯᠤᠨ | ᠵᠣᠬᠢᠶᠠᠬᠤ ᠶᠢ ᠬᠠᠷᠢᠭᠤᠴᠠᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ | ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠ︶ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠪᠠ | ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ | ᠵᠣᠬᠢᠶᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠪᠡᠯᠡ | ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ | ᠲᠣᠭᠲᠠᠭᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠡᠳ᠋ ᠤᠨ ᠵᠠᠰᠠᠭ ᠤᠨ ᠬᠢᠨᠠᠨ ᠬᠠᠮᠢᠶᠠᠷᠬᠤ | ᠠᠵᠢᠯ ᠢ ᠡᠭᠦᠷᠭᠡᠯᠡᠨ᠎ᠡ᠃ | ︵ᠠᠷᠪᠠᠨ ᠨᠢᠭᠡ︶ ᠪᠥᠬᠦ ᠬᠤᠰᠢᠭᠤᠨ ᠤ ᠡᠳ᠋ ᠤᠨ ᠵᠠᠰᠠᠭ ᠤᠨ ᠠᠵᠤ ᠠᠬᠤᠢ ᠶᠢᠨ ᠬᠥᠭᠵᠢᠯᠲᠡ ᠶᠢᠨ ᠵᠠᠷᠤᠯᠭ᠎ᠠ | ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠤᠲᠠ ᠶᠢᠨ ᠵᠠᠰᠠᠭ ᠤᠨ ᠣᠷᠳᠣᠨ ᠤ ᠴᠢᠨᠠᠷᠲᠠᠢ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠡᠳ᠋ ᠤᠨ ᠵᠠᠰᠠᠭ ᠤᠨ ᠰᠠᠯᠭᠠᠨ ᠥᠭᠬᠦ ᠵᠣᠭᠤᠰ ᠢ ᠭᠦᠢᠴᠡᠳᠬᠡᠬᠦ ᠪᠠ | ᠬᠢᠨᠠᠯᠲᠠ ᠲᠠᠯᠪᠢᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠬᠤᠶᠠᠷ︶ ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠠᠵᠢᠯ ᠢ ᠬᠠᠷᠢᠭᠤᠴᠠᠨ ᠬᠠᠮᠢᠶᠠᠷᠴᠤ᠂ | ᠨᠢᠭᠲᠠᠯᠠᠨ ᠪᠤᠳᠤᠭᠴᠢ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠢᠷᠤᠮᠵᠢᠭᠤᠯᠤᠨ᠎ᠠ᠃ | ︵ᠠᠷᠪᠠᠨ ᠭᠤᠷᠪᠠ︶ ᠡᠳ᠋ ᠤᠨ ᠵᠠᠰᠠᠭ ᠠᠵᠤ ᠠᠬᠤᠢ ᠶᠢᠨ ᠬᠠᠤᠯᠢ ᠲᠣᠭᠲᠠᠭᠠᠯ᠂ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠬᠤ ᠬᠡᠷᠡᠭᠲᠡᠢ᠃ ᠲᠥᠰᠥᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠨ᠎ᠠ᠃ ᠳᠣᠲᠣᠭᠠᠳᠤ ᠶᠢᠨ ᠡᠵᠡᠮᠳᠡᠯ ᠢ ᠬᠢᠨᠠᠨ ᠵᠢᠯᠤᠭᠤᠳᠬᠤ ᠪᠠ ᠵᠢᠷᠤᠮᠵᠢᠭᠤᠯᠵᠤ᠂ ᠡᠳ᠋ ᠤᠨ ᠵᠠᠰᠠᠭ ᠤᠨ | ᠬᠠᠮᠢᠶᠠᠷᠤᠯᠲᠠ ᠶᠢ ᠴᠢᠩᠭᠠᠳᠬᠠᠬᠤ ᠰᠠᠨᠠᠭᠤᠯᠭ᠎ᠠ ᠳᠤᠷᠠᠳᠤᠨ᠎ᠠ᠃ | ︵ᠠᠷᠪᠠᠨ ᠳᠥᠷᠪᠡ︶ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ | ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠬᠤᠰᠢᠭᠤᠨ ᠲᠣᠰ ᠱᠠᠲᠤᠨ ᠤ ᠠᠵᠤ | ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠷᠢᠭᠤᠴᠠᠬᠤ ᠶᠢᠨ ᠬᠠᠮᠲᠤ ᠬᠢᠨᠠᠨ ᠬᠠᠮᠢᠶᠠᠷᠴᠤ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ | ︵ᠠᠷᠪᠠᠨ ᠲᠠᠪᠤ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠡᠭᠦᠷᠭᠡᠯᠡᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ | ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠰᠢᠯᠭᠠᠬᠤ ᠪᠠᠷᠢᠮᠵᠢᠶ᠎ᠠ ᠪᠠ | ᠠᠷᠭ᠎ᠠ ᠬᠡᠮᠵᠢᠶ᠎ᠡ ᠠᠷᠭ᠎ᠠ ᠶᠢ ᠲᠣᠭᠲᠠᠭᠠᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠵᠦ ᠪᠠᠶᠢᠭ᠎ᠠ ᠪᠠᠶᠢᠳᠠᠯ ᠢ | ᠪᠦᠷᠢᠳᠬᠡᠬᠦ᠂ ᠬᠠᠷᠭᠤᠭᠤᠯᠤᠨ ᠪᠤᠳᠤᠬᠤ ᠪᠠᠷ ᠳᠠᠮᠵᠢᠭᠤᠯᠤᠨ ᠬᠢᠨᠠᠨ ᠬᠠᠮᠢᠶᠠᠷᠤᠨ᠎ᠠ᠃ ᠬᠢᠨᠠᠨ ᠬᠠᠮᠢᠶᠠᠷᠴᠤ ᠪᠠᠶᠢᠭ᠎ᠠ | ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠢᠨᠠᠨ | ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ | ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠵᠢᠷᠭᠤᠭ᠎ᠠ︶ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ ᠲᠠᠬᠢᠨ | ᠵᠣᠬᠢᠶᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ | ᠦᠶ᠎ᠡ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠦᠷᠢᠮ ᠤᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠺᠣᠮᠫᠠᠨᠢ ᠶᠢ ᠵᠠᠰᠠᠬᠤ ᠪᠦᠲᠦᠴᠡ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ | ᠠᠬᠤᠢ ᠶᠢᠨ ᠪᠠᠶᠢᠷᠢᠰᠢᠯ ᠪᠠ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠤᠨ᠎ᠠ᠃ | ︵ᠠᠷᠪᠠᠨ ᠲᠤᠯᠤᠭ᠎ᠠ︶ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠬᠠᠤᠯᠢ ᠪᠠᠷ ᠲᠣᠭᠲᠠᠭᠠᠭᠰᠠᠨ ᠲᠡᠰ | ᠳᠠᠷᠠᠭᠠᠯᠠᠯ ᠢᠶᠠᠷ ᠳᠠᠮᠵᠢᠭᠤᠯᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠢ | ᠲᠣᠮᠢᠯᠠᠬᠤ ᠪᠠᠭᠤᠯᠭᠠᠬᠤ᠂ ᠬᠢᠨᠠᠨ ᠰᠢᠯᠭᠠᠵᠤ᠂ ᠬᠥᠮᠥᠨ ᠰᠣᠩᠭᠤᠵᠤ ᠬᠥᠮᠥᠨ ᠬᠡᠷᠡᠭᠯᠡᠬᠦ ᠲᠣᠭᠲᠠᠴᠠ ᠶᠢ ᠪᠦᠷᠢᠨᠰᠢᠭᠦᠯᠦᠨ᠂ | ᠡᠵᠡᠩᠨᠡᠭᠴᠢ ᠶᠢ ᠤᠷᠮᠠᠰᠢᠭᠤᠯᠬᠤ ᠪᠠ ᠬᠢᠵᠠᠭᠠᠷᠯᠠᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ | ︵ᠠᠷᠪᠠᠨ ᠨᠠᠢᠮᠠ︶ ᠠᠵᠤ ᠠᠬᠤᠶᠢᠯᠠᠯ ᠤᠨ ᠳᠡᠭᠡᠭᠰᠢ ᠲᠤᠰᠢᠶᠠᠭᠰᠠᠨ ᠤᠯᠤᠰ ᠤᠨ ᠥᠮᠴᠢᠯᠡᠯᠲᠦ | ᠬᠥᠷᠥᠩᠭᠡ ᠶᠢᠨ ᠠᠰᠢᠭ ᠣᠷᠣᠯᠭ᠎ᠠ ᠶᠢ ᠵᠣᠬᠢᠶᠠᠨ ᠪᠠᠶᠢᠭᠤᠯᠤᠨ ᠬᠢᠨᠠᠨ ᠬᠠᠮᠢᠶᠠᠷᠬᠤ ᠶᠢ ᠬᠠᠷᠢᠭᠤᠴᠠᠵᠤ᠂ ᠬᠤᠰᠢᠭᠤᠨ | ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ | ᠳᠦᠷᠢᠮ ᠪᠠ ᠠᠷᠭ᠎ᠠ ᠶᠢ ᠲᠣᠭᠲᠠᠭᠠᠬᠤ ᠳᠤ ᠣᠷᠣᠯᠴᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠠ ᠲᠥᠰᠥᠪ ᠤᠨ ᠭᠦᠢᠴᠡᠳᠬᠡᠯ ᠢ ᠨᠠᠶᠢᠷᠠᠭᠤᠯᠤᠨ | ᠵᠣᠬᠢᠶᠠᠬᠤ ᠪᠠ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ | ︵ᠠᠷᠪᠠ ᠶᠢᠰᠦ︶ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠵᠢᠴᠢ ᠤᠯᠤᠰ ᠤᠨ | ᠥᠮᠴᠢᠯᠡᠯ ᠤᠨ ᠬᠤᠪᠢ ᠡᠵᠡᠮᠳᠡᠭᠰᠡᠨ᠂ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠬᠤᠪᠢᠷᠠᠭᠤᠯᠤᠨ ᠰᠢᠢᠳᠪᠦᠷᠢᠯᠡᠬᠦ ᠵᠡᠷᠭᠡ ᠳᠤ ᠬᠠᠤᠯᠢ ᠶᠣᠰᠣᠭᠠᠷ ᠬᠢᠨᠠᠯᠲᠠ | ᠬᠠᠮᠢᠶᠠᠷᠤᠯᠲᠠ ᠶᠠᠪᠤᠭᠤᠯᠤᠨ᠎ᠠ᠃ | ︵ᠬᠤᠷᠢ︶ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠬᠢᠨᠠᠨ ᠬᠠᠮᠢᠶᠠᠷᠴᠤ ᠪᠦᠬᠦᠢ | ᠠᠵᠤ ᠠᠬᠤᠶᠢᠯᠠᠯ ᠤᠨ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ᠂ ᠬᠤᠰᠢᠭᠤᠨ ᠨᠠᠮ ᠤᠨ ᠬᠤᠷᠢᠶ᠎ᠠ ᠬᠤᠰᠢᠭᠤᠨ ᠵᠠᠰᠠᠭ ᠤᠨ ᠣᠷᠳᠣᠨ ᠤ ᠠᠶᠤᠯ ᠦᠭᠡᠢ ᠦᠢᠯᠡᠳᠪᠦᠷᠢᠯᠡᠯ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠥᠷᠥ ᠶᠢᠨ ᠪᠣᠳᠣᠯᠭ᠎ᠠ ᠵᠢᠴᠢ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠵᠡᠷᠭᠡ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ | ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ | ︵ᠬᠤᠷᠢᠨ ᠨᠢᠭᠡ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠠᠭᠤᠷᠢ | ᠬᠠᠮᠢᠶᠠᠷᠤᠯᠲᠠ ᠶᠢ ᠬᠠᠷᠢᠭᠤᠴᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠳᠦᠷᠢᠮ ᠢ | ᠲᠣᠭᠲᠠᠭᠠᠨ᠂ ᠡᠯ᠎ᠡ ᠰᠢᠶᠠᠩ ᠪᠠᠯᠭᠠᠰᠤ᠂ ᠬᠤᠰᠢᠭᠤᠨ ᠤ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ | ᠵᠢᠯᠣᠭᠤᠳᠤᠯᠭ᠎ᠠ ᠪᠠ ᠬᠢᠨᠠᠯᠲᠠ ᠲᠠᠯᠪᠢᠨ᠎ᠠ᠃ | (ᠬᠤᠷᠢᠨ ᠬᠤᠶᠠᠷ) ᠮᠥᠩᠭᠦᠨ ᠭᠦᠢᠯᠭᠡᠭᠡᠨ ᠤ ᠲᠠᠯ᠎ᠠ ᠪᠠᠷ ᠬᠢ ᠤᠯᠤᠰ ᠤᠨ ᠬᠠᠤᠯᠢ ᠴᠠᠭᠠᠵᠠ᠂ ᠬᠠᠤᠯᠢ | ᠲᠣᠭᠲᠠᠭᠠᠯ᠂ ᠲᠤᠶᠢᠷᠢᠮ ᠲᠣᠭᠲᠠᠭᠠᠯ ᠪᠠ ᠲᠤᠶᠢᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ᠤᠯᠤᠰ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠵᠣᠭᠤᠰᠤᠨ ᠤ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠴᠢ ᠮᠥᠩᠭᠦᠨ ᠭᠦᠢᠯᠭᠡᠭᠡᠨ ᠤ ᠬᠢᠨᠠᠯᠲᠠ ᠲᠦᠮᠡᠳ ᠵᠡᠭᠦᠨ | ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ | ᠃ | ︵ᠬᠤᠷᠢᠨ ᠭᠤᠷᠪᠠ︶ ᠲᠦᠮᠡᠳ ᠵᠡᠭᠦᠨ ᠬᠤᠰᠢᠭᠤᠨ ᠤ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ᠂ ᠴᠢᠬᠤᠯᠠ | ᠡᠯᠧᠮᠧᠨ᠋ᠲ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠤᠨ | ᠠᠬᠢᠭᠤᠯᠵᠤ᠂ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠰ ᠭᠠᠵᠠᠷ ᠣᠷᠣᠨ ᠳᠠᠬᠢ | ᠬᠥᠭᠵᠢᠯᠲᠡ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ ᠡᠯ᠎ᠡ ᠲᠦᠷᠦᠯ ᠤᠨ ᠠᠷᠠᠯᠵᠢᠶᠠᠨ ᠤ ᠭᠠᠵᠠᠷ ᠢ ᠪᠠᠶᠢᠭᠤᠯᠬᠤ | ᠪᠠ ᠬᠥᠭᠵᠢᠭᠦᠯᠬᠦ ᠶᠢ ᠵᠢᠯᠣᠭᠤᠳᠤᠨ ᠵᠢᠷᠤᠮᠵᠢᠭᠤᠯᠤᠨ᠎ᠠ᠃ ᠵᠠᠬ᠎ᠠ ᠳᠡᠯᠭᠡᠭᠦᠷ ᠲᠤ ᠥᠯᠥ ᠭᠠᠷᠭᠠᠬᠤ ᠬᠤᠪᠢ | ᠣᠷᠣᠭᠤᠯᠤᠭᠰᠠᠨ ᠺᠣᠮᠫᠠᠨᠢ ᠶᠢᠨ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶ᠎ᠠ ᠶᠢᠨ ᠲᠥᠪ᠂ ᠰᠢᠨ᠎ᠡ | ᠭᠤᠷᠪᠠᠳᠤᠭᠠᠷ ᠰᠠᠮᠪᠠᠷ᠎ᠠ ᠳᠤ ᠣᠷᠣᠬᠤ ᠬᠥᠭᠵᠢᠯᠲᠡ ᠶᠢᠨ ᠠᠵᠢᠯ ᠢ ᠵᠣᠬᠢᠴᠠᠭᠤᠯᠤᠨ ᠠᠬᠢᠭᠤᠯᠤᠨ᠎ᠠ᠃ | ︵ᠬᠤᠷᠢᠨ ᠳᠥᠷᠪᠡ︶ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠠᠵᠢᠯ ᠢ | ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠪᠠ ᠨᠡᠶᠢᠯᠡᠭᠦᠯᠦᠨ | ᠬᠤᠳᠠᠯᠳᠤᠨ ᠠᠪᠴᠤ ᠲᠠᠬᠢᠨ ᠵᠣᠬᠢᠶᠠᠨ ᠪᠠᠶᠢᠭᠤᠯᠬᠤ ᠶᠢ ᠵᠣᠬᠢᠴᠠᠭᠤᠯᠤᠨ ᠠᠬᠢᠭᠤᠯᠤᠨ᠎ᠠ᠃ ᠠᠵᠤ ᠠᠬᠤᠶᠢᠯᠠᠯ ᠤᠨ | ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ᠂ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ ᠪᠠ | ᠳᠤᠮᠳᠠ ᠬᠤᠭᠤᠴᠠᠭᠠᠨ ᠤ ᠫᠢᠶᠣᠣ ᠪᠠᠷᠢᠮᠲᠠ ᠵᠡᠷᠭᠡ ᠥᠷᠢ ᠥᠭᠴᠡᠭᠡ ᠶᠢᠨ ᠪᠡᠯᠡ ᠲᠣᠬᠢᠷᠠᠭᠤᠯᠭ᠎ᠠ ᠶᠢᠨ ᠪᠠᠭᠠᠵᠢ ᠶᠢ | ᠲᠣᠰ ᠭᠠᠵᠠᠷ ᠣᠷᠣᠨ ᠤ ᠠᠵᠤ ᠦᠢᠯᠡᠰ ᠤᠨ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢ ᠵᠢᠯᠣᠭᠤᠳᠤᠨ | ᠠᠬᠢᠭᠤᠯᠤᠨ᠎ᠠ᠃ | (ᠬᠤᠷᠢᠨ ᠲᠠᠪᠤ) ᠲᠤᠰ ᠭᠠᠵᠠᠷ ᠣᠷᠣᠨ ᠤ ᠪᠠᠨ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ | ᠥᠭᠡᠷᠡᠴᠢᠯᠡᠯᠲᠡ ᠪᠠ ᠬᠥᠭᠵᠢᠯᠲᠡ ᠶᠢ ᠵᠣᠬᠢᠴᠠᠭᠤᠯᠤᠨ ᠠᠬᠢᠭᠤᠯᠤᠨ᠎ᠠ᠃ ᠬᠥᠳᠡᠭᠡ ᠲᠣᠰᠬᠤᠨ ᠤ ᠮᠥᠩᠭᠦᠨ | ᠭᠦᠢᠯᠭᠡᠭᠡᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠮᠥᠩᠭᠦᠨ | ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠦᠢᠯᠡᠳᠬᠦᠨ ᠤ ᠦᠢᠯᠡᠴᠢᠯᠡᠭᠡ ᠶᠢᠨ ᠬᠥᠳᠡᠭᠡ ᠲᠣᠰᠬᠤᠨ ᠤ | ᠮᠥᠩᠭᠦᠨ ᠭᠦᠢᠯᠭᠡᠭᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ | ᠵᠢᠯᠣᠭᠤᠳᠤᠨ᠎ᠠ᠃ ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠵᠠᠭᠤᠴᠢ | ᠦᠢᠯᠡᠴᠢᠯᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠬᠦᠴᠦᠷᠬᠡᠭᠵᠢᠭᠦᠯᠵᠦ | ᠲᠠᠷᠢᠶᠠᠴᠢᠳ ᠲᠤ ᠠᠰᠢᠭ ᠬᠦᠷᠲᠡᠭᠡᠬᠦ ᠴᠢᠳᠠᠪᠤᠷᠢ ᠪᠠᠨ ᠨᠡᠮᠡᠭᠳᠡᠭᠦᠯᠬᠦ ᠶᠢ ᠵᠣᠬᠢᠴᠠᠭᠤᠯᠤᠨ ᠠᠬᠢᠭᠤᠯᠤᠨ᠎ᠠ᠃ | ︵ᠬᠤᠷᠢᠨ ᠵᠢᠷᠭᠤᠭ᠎ᠠ︶ ᠲᠣᠰ ᠭᠠᠵᠠᠷ ᠣᠷᠣᠨ ᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠷᠴᠢᠨ | ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠠᠭᠤᠭ᠎ᠠ ᠭᠠᠵᠠᠷ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ | (ᠬᠤᠷᠢᠨ ᠲᠤᠯᠤᠭ᠎ᠠ) ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠲᠤᠬᠠᠢ ᠶᠢᠨ | ᠭᠠᠵᠠᠷ ᠤᠨ ᠠᠵᠤ ᠠᠬᠤᠢ ᠶᠢᠨ ᠬᠥᠭᠵᠢᠯᠲᠡ ᠳᠤ ᠲᠤᠰ ᠭᠠᠵᠠᠷ ᠣᠷᠣᠨ ᠤ ᠪᠠᠨ ᠪᠡᠯᠡ ᠣᠷᠣᠭᠤᠯᠵᠤ ᠪᠡᠯᠡ | ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠥᠭᠵᠢᠯᠲᠡ ᠶᠢ | ᠬᠥᠲᠥᠯᠥᠨ ᠵᠢᠯᠤᠭᠤᠳᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ ᠵᠠᠰᠠᠭ ᠤᠨ | ᠣᠷᠳᠣᠨ ᠤ ᠴᠢᠬᠤᠯᠠ ᠶᠡᠭᠡ ᠵᠦᠢᠯᠡᠰ ᠤᠨ ᠪᠡᠯᠡ ᠲᠣᠬᠢᠷᠠᠭᠤᠯᠬᠤ ᠲᠥᠰᠥᠯ ᠢ ᠰᠤᠳᠤᠯᠤᠨ ᠲᠣᠭᠲᠠᠭᠠᠬᠤ ᠳᠤ | ᠣᠷᠣᠯᠴᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠡᠯ᠎ᠡ ᠵᠦᠢᠯ ᠤᠨ ᠮᠥᠩᠭᠦᠨ | ᠭᠦᠢᠯᠭᠡᠭᠡᠨ ᠤ ᠪᠠᠭᠠᠵᠢ ᠪᠠ ᠲᠠᠪᠴᠠᠩ ᠢ ᠶᠡᠷᠦᠩᠬᠡᠶᠢᠯᠡᠨ ᠬᠡᠷᠡᠭᠯᠡᠵᠦ᠂ ᠭᠤᠣᠯᠳᠠᠯᠭ᠎ᠠ ᠲᠠᠢ ᠢᠨᠵᠧᠨᠧᠷᠢᠩ᠂ ᠭᠤᠣᠯᠯᠠᠬᠤ | ᠠᠵᠤ ᠦᠢᠯᠡᠰ᠂ ᠴᠢᠬᠤᠯᠠ ᠣᠷᠣᠨ ᠪᠦᠰᠡ ᠶᠢᠨ ᠬᠥᠭᠵᠢᠯᠲᠡ ᠪᠠ ᠳᠤᠮᠳᠠ ᠵᠢᠵᠢᠭ ᠠᠵᠤ ᠠᠬᠤᠶᠢᠯᠠᠯ ᠤᠨ | ᠬᠥᠭᠵᠢᠯᠲᠡ ᠳᠤ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢᠨ ᠦᠢᠯᠡᠴᠢᠯᠡᠭᠡ ᠬᠠᠩᠭᠠᠨ᠎ᠠ᠃ | ︵ᠬᠤᠷᠢᠨ ᠨᠠᠢᠮᠠ︶ ᠮᠥᠩᠭᠦᠨ ᠭᠦᠢᠯᠭᠡᠭᠡᠨ ᠢᠶᠠᠷ ᠨᠡᠶᠢᠭᠡᠮ ᠤᠨ ᠠᠷᠠᠳ ᠤᠨ ᠠᠮᠢᠳᠤᠷᠠᠯ ᠤᠨ ᠠᠵᠢᠯ ᠳᠤ | ᠦᠢᠯᠡᠴᠢᠯᠡᠬᠦ ᠶᠢ ᠵᠣᠬᠢᠴᠠᠭᠤᠯᠤᠨ ᠵᠢᠯᠣᠭᠤᠳᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠤᠭᠤᠳᠬᠤ ᠪᠠ ᠵᠣᠬᠢᠴᠠᠭᠤᠯᠵᠤ ᠪᠠᠶᠢᠭᠠᠳ ᠦᠢᠯᠡᠴᠢᠯᠡᠭᠡᠨ ᠤ ᠦᠢᠯᠡᠳᠬᠦᠨ ᠳᠤ ᠰᠢᠨ᠎ᠡ ᠶᠢ ᠡᠭᠦᠳᠴᠦ᠂ | ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ᠃ | ︵ᠬᠤᠷᠢ ᠶᠢᠰᠦ︶ ᠲᠣᠰ ᠭᠠᠵᠠᠷ ᠣᠷᠣᠨ ᠤ ᠮᠥᠩᠭᠦᠨ ᠭᠦᠢᠯᠭᠡᠭᠡᠨ ᠤ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠤᠨ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠵᠤ ᠠᠬᠤᠶᠢᠯᠠᠯ ᠪᠠ | ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠵᠦ ᠰᠣᠯᠢᠯᠴᠠᠬᠤ ᠲᠣᠭᠲᠠᠴᠠ ᠪᠠ ᠢᠲᠡᠭᠡᠮᠵᠢ ᠶᠢᠨ ᠱᠠᠩᠨᠠᠵᠤ | ᠲᠣᠷᠭᠠᠬᠤ ᠲᠣᠭᠲᠠᠴᠠ ᠶᠢ ᠪᠠᠶᠢᠭᠤᠯᠬᠤ ᠳᠤ ᠣᠷᠣᠯᠴᠠᠨ᠎ᠠ᠃ | ︵ᠭᠤᠴᠢ︶ ᠲᠣᠰ ᠭᠠᠵᠠᠷ ᠣᠷᠣᠨ ᠤ ᠪᠠᠭ᠎ᠠ ᠲᠣᠭᠠᠨ ᠤ ᠪᠠᠷᠠᠭᠠᠨ ᠤ ᠵᠣᠭᠤᠰ ᠤᠨ ᠺᠣᠮᠫᠠᠨᠢ ᠶᠢᠨ ᠠᠩᠬᠠᠨ ᠤ | ᠬᠢᠨᠠᠯᠲᠠ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠡᠯᠡ ᠲᠣᠬᠢᠷᠠᠭᠤᠯᠭ᠎ᠠ ᠶᠢᠨ ᠴᠢᠨᠠᠷᠲᠠᠢ | ᠳᠠᠭᠠᠭᠠᠯᠲᠠ ᠶᠢᠨ ᠪᠠᠶᠢᠭᠤᠯᠤᠮᠵᠢ ᠪᠠᠶᠢᠭᠤᠯᠬᠤ᠂ ᠬᠤᠪᠢᠷᠠᠭᠤᠯᠬᠤ ᠶᠢ ᠬᠢᠨᠠᠨ ᠵᠥᠪᠰᠢᠶᠡᠷᠡᠬᠦ ᠵᠢᠴᠢ ︽ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠢ ᠬᠡᠷᠡᠭᠵᠢᠭᠦᠯᠬᠦ ᠶᠢ | ᠬᠠᠷᠢᠭᠤᠴᠠᠨ᠎ᠠ᠃ ᠲᠣᠰ ᠭᠠᠵᠠᠷ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠣᠷᠣᠨ ᠨᠤᠲᠤᠭ ᠤᠨ | ᠬᠢᠨᠠᠨ ᠵᠥᠪᠰᠢᠶᠡᠷᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠣᠬᠢᠴᠠᠩᠭᠤᠢ ᠡᠷᠬᠡ ᠣᠯᠭᠤᠵᠤ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠮᠥᠩᠭᠦᠨ ᠭᠦᠢᠯᠭᠡᠭᠡᠨ ᠤ ᠵᠠᠭᠤᠴᠢ ᠪᠠᠶᠢᠭᠤᠯᠤᠮᠵᠢ ᠶᠢᠨ ᠬᠥᠭᠵᠢᠯᠲᠡ ᠶᠢ | ᠵᠢᠯᠣᠭᠤᠳᠤᠨ ᠵᠢᠷᠤᠮᠵᠢᠭᠤᠯᠤᠨ᠎ᠠ᠃ | ︵ᠭᠤᠴᠢᠨ ᠨᠢᠭᠡ︶ ᠲᠣᠰ ᠭᠠᠵᠠᠷ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ | ᠬᠢᠵᠦ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠵᠣᠬᠢᠴᠠᠭᠤᠯᠤᠨ ᠬᠠᠮᠵᠢᠯᠴᠠᠵᠤ ᠪᠠᠶᠢᠭᠠᠳ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠢᠯᠭᠠᠬᠤ | ᠪᠠ ᠰᠢᠢᠳᠪᠦᠷᠢᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠬᠠᠤᠯᠢ ᠪᠤᠰᠤ ᠪᠠᠷ | ᠪᠡᠯᠡ ᠮᠥᠩᠭᠦ ᠴᠤᠭᠯᠠᠭᠤᠯᠵᠤ ᠬᠠᠤᠯᠢ ᠪᠤᠰᠤ ᠪᠠᠷ ᠦᠨᠡᠲᠦ ᠲᠡᠮᠳᠡᠭᠲᠦ ᠡᠵᠡᠩᠨᠡᠬᠦ ᠠᠵᠢᠯᠯᠠᠭ᠎ᠠ᠂ ᠬᠠᠤᠯᠢ ᠪᠤᠰᠤ | ᠬᠤᠭᠤᠴᠠᠭᠠᠲᠤ ᠪᠠᠷᠠᠭᠠᠨ ᠤ ᠲᠤᠬᠠᠶᠢᠯᠠᠭᠰᠠᠨ ᠠᠵᠢᠯ᠂ ᠬᠠᠤᠯᠢ ᠪᠤᠰᠤ ᠭᠠᠳᠠᠭᠠᠳᠤ ᠭᠤᠪᠢᠭᠤᠯᠭ᠎ᠠ ᠶᠢ | ᠬᠤᠳᠠᠯᠳᠤᠭᠠᠯᠠᠬᠤ ᠪᠠ ᠵᠣᠭᠤᠰ ᠤᠬᠢᠶᠠᠬᠤ ᠶᠢ ᠡᠰᠡᠷᠭᠦᠴᠡᠬᠦ᠂ ᠬᠠᠭᠤᠷᠮᠠᠭ ᠵᠣᠭᠤᠰ ᠢ ᠡᠰᠡᠷᠭᠦᠴᠡᠬᠦ ᠠᠵᠢᠯᠯᠠᠭ᠎ᠠ ᠳᠤ | ᠴᠣᠬᠢᠯᠲᠠ ᠥᠭᠬᠦ ᠠᠵᠢᠯ ᠢ ᠰᠠᠶᠢᠲᠤᠷ ᠬᠢᠨ᠎ᠡ᠃ ᠲᠤᠰ ᠭᠠᠵᠠᠷ ᠣᠷᠣᠨ ᠤ ᠮᠥᠩᠭᠦᠨ ᠭᠦᠢᠯᠭᠡᠭᠡᠨ ᠤ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ | ︵ᠭᠤᠴᠢᠨ ᠬᠤᠶᠠᠷ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠡᠬᠢ ᠪᠠᠶᠠᠯᠢᠭ ᠢ | ᠨᠡᠭᠡᠭᠡᠨ ᠬᠥᠭᠵᠢᠭᠦᠯᠵᠦ ᠬᠠᠮᠢᠶᠠᠷᠬᠤ ᠪᠠ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ︵ᠭᠤᠴᠢᠨ ᠭᠤᠷᠪᠠ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ | ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠭᠤᠴᠢᠨ ᠳᠥᠷᠪᠡ︶ ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠪᠢᠴᠢᠭ | ᠮᠠᠲ᠋ᠧᠷᠢᠶᠠᠯ ᠳᠤ ᠲᠣᠭᠲᠠᠭᠠᠭᠰᠠᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠭᠤᠴᠢᠨ ᠲᠠᠪᠤ︶ ᠡᠭᠦᠷᠭᠡ ᠴᠢᠳᠠᠪᠤᠷᠢ ᠶᠢ ᠬᠤᠪᠢᠷᠠᠭᠤᠯᠬᠤ | ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ | ᠵᠡᠭᠡᠯᠢ ᠶᠢᠨ ᠬᠤᠶᠢᠲᠤ ᠲᠠᠯ᠎ᠠ ᠶᠢᠨ ᠨᠠᠮ ᠵᠠᠰᠠᠭ ᠤᠨ ᠠᠯᠪᠠᠨ ᠠᠰᠠᠷ ᠤᠨ ᠵᠠᠮ ᠤᠨ ᠵᠡᠭᠦᠨ ᠲᠠᠯ᠎ᠠ | ᠬᠠᠷᠢᠯᠴᠠᠬᠤ ᠤᠲᠠᠰᠤ᠄ 0471-8152580 | ᠠᠵᠢᠯᠯᠠᠬᠤ ᠴᠠᠭ᠄ ᠦᠳᠡ ᠶᠢᠨ ᠡᠮᠦᠨᠡᠬᠢ 8᠄ 30 - 12᠄ 00᠂ ᠦᠳᠡ ᠶᠢᠨ ᠬᠤᠶᠢᠨᠠᠬᠢ 2᠄ 30 - | 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠸᠠᠩ ᠢ | |