ᠲᠦᠮᠡᠳ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 
ᠨᠡᠶᠢᠲᠡᠯᠡᠭᠰᠡᠨ ᠴᠠᠭ᠄
2024/3/11
     ᠲᠦᠮᠡᠳ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠣᠳᠣᠬᠠᠨ ᠳᠤ 3 ᠤᠳᠤᠷᠢᠳᠬᠤ ᠪᠠᠭ ᠤᠨ ᠭᠡᠰᠢᠭᠦᠨ ᠲᠠᠢ᠃ ᠨᠠᠮ ᠤᠨ ᠶᠡᠷᠦᠩᠬᠡᠢ ᠡᠭᠦᠷ ᠢ 1 ᠭᠠᠷᠭᠠᠨ᠎ᠠ᠃ ᠲᠡᠭᠦᠨ ᠤ ᠬᠠᠷᠢᠶ᠎ᠠ ᠨᠠᠮ ᠤᠨ ᠡᠭᠦᠷ 2 ︵ᠲᠣᠰ ᠲᠣᠰ ᠪᠠᠶᠢᠭᠤᠯᠭ᠎ᠠ ᠶᠢᠨ ᠨᠠᠮ ᠤᠨ ᠡᠭᠦᠷ᠂  ᠠᠵᠢᠯ ᠠᠴᠠ ᠪᠠᠭᠤᠭᠰᠠᠨ ᠨᠠᠮ ᠤᠨ ᠡᠭᠦᠷ︶᠃ ᠳᠣᠲᠣᠭᠠᠳᠤ ᠳᠠᠭᠠᠨ ᠠᠯᠪᠠᠨ ᠭᠡᠷ᠂ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠶᠢᠯᠡᠭᠰᠡᠨ ᠲᠠᠰᠤᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠠᠰᠤᠭ᠂ ᠡᠨᠧᠷᠭᠢ ᠶᠢᠨ ᠬᠥᠭᠵᠢᠯᠲᠡ ᠶᠢᠨ ᠲᠠᠰᠤᠭ᠂ ᠨᠡᠶᠢᠭᠡᠮ ᠤᠨ ᠬᠥᠭᠵᠢᠯᠲᠡ ᠶᠢᠨ ᠲᠠᠰᠤᠭ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠶᠢᠨ ᠲᠠᠰᠤᠭ᠂ ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠪᠠ ᠰᠦᠢᠳᠬᠡᠯ ᠬᠤᠷᠢᠶᠠᠯᠲᠠ ᠶᠢᠨ ᠬᠠᠮᠢᠶᠠᠷᠤᠯᠲᠠ ᠶᠢᠨ ᠲᠠᠰᠤᠭ᠂ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠲᠠᠰᠤᠭ᠂ ᠠᠮᠤ ᠪᠤᠳᠠᠭᠠᠨ ᠤ ᠲᠥᠯᠦᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠲᠠᠰᠤᠭ᠂ ᠠᠮᠤ ᠪᠤᠳᠠᠭᠠᠨ ᠤ ᠲᠣᠬᠢᠷᠠᠭᠤᠯᠤᠯ ᠡᠵᠡᠮᠳᠡᠯ ᠪᠠ ᠬᠢᠨᠠᠯᠲᠠ ᠪᠠᠶᠢᠴᠠᠭᠠᠯᠲᠠ ᠶᠢᠨ ᠲᠠᠰᠤᠭ ᠵᠡᠷᠭᠡ ᠨᠡᠶᠢᠲᠡ 10 ᠲᠠᠰᠤᠭ ᠲᠠᠢ᠃ᠨᠢᠭᠡ᠂ ᠭᠤᠣᠯ ᠡᠭᠦᠷᠭᠡ ᠲᠤᠰᠢᠶᠠᠯ     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠬᠠᠢ ᠪᠠᠶᠢᠯᠳᠤᠬᠤ ᠪᠣᠳᠣᠯᠭ᠎ᠠ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠤᠰᠢᠭᠤᠨ ᠤ ᠳᠣᠲᠣᠨ᠎ᠠ ᠭᠠᠳᠠᠨᠠᠬᠢ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠵᠤ᠂ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ᠂ ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠪᠠ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠵᠢᠴᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃     ︵ᠬᠤᠶᠠᠷ︶ ᠪᠥᠬᠦ ᠬᠤᠰᠢᠭᠤᠨ ᠤ ᠬᠤᠷᠸ᠎ᠠ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠬᠦ᠂ ᠤᠷᠢᠳᠴᠢᠯᠠᠨ ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠤᠭᠤᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ᠂ ᠶᠡᠷᠦᠩᠬᠡᠢ ᠬᠡᠮᠵᠢᠶ᠎ᠡ ᠶᠢᠨ ᠲᠡᠩᠴᠡᠭᠦᠷᠢ᠂ ᠠᠵᠤ ᠠᠬᠤᠢ ᠶᠢᠨ ᠠᠮᠤᠷ ᠲᠦᠪᠰᠢᠨ ᠪᠠ ᠠᠵᠤ ᠦᠢᠯᠡᠰ ᠤᠨ ᠠᠮᠤᠷ ᠲᠦᠪᠰᠢᠨ ᠵᠡᠷᠭᠡ ᠴᠢᠬᠤᠯᠠ ᠠᠰᠠᠭᠤᠳᠠᠯ ᠢ ᠰᠤᠳᠤᠯᠬᠤ ᠶᠢᠨ ᠬᠠᠮᠲᠤ᠂ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠤ᠂ ᠠᠵᠤ ᠠᠬᠤᠢ ᠶᠢᠨ ᠠᠵᠢᠯᠯᠠᠭᠠᠨ ᠢ ᠲᠣᠬᠢᠷᠠᠭᠤᠯᠵᠤ᠂ ᠴᠢᠬᠤᠯᠠ ᠡᠳ᠋ ᠪᠣᠳᠠᠰ ᠢ ᠪᠠᠴᠢᠮ ᠲᠣᠬᠢᠷᠠᠭᠤᠯᠬᠤ ᠪᠠ ᠵᠠᠮ ᠲᠡᠭᠡᠭᠡᠪᠦᠷᠢ ᠶᠢᠨ ᠵᠣᠬᠢᠴᠠᠭᠤᠯᠭ᠎ᠠ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃     ︵ᠭᠤᠷᠪᠠ︶ ᠤᠯᠤᠰ ᠤᠨ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠤᠨ ᠬᠠᠷᠠᠯᠲᠠ ᠶᠢ ᠳᠤᠷᠠᠳᠤᠨ᠎ᠠ᠃ ᠬᠤᠰᠢᠭᠤᠨ ᠤ ᠬᠠᠮᠢᠶᠠᠷᠤᠯᠲᠠ ᠶᠢᠨ ᠲᠠᠸᠠᠷ ᠤᠨ ᠦᠢᠯᠡᠴᠢᠯᠡᠭᠡ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠲᠣᠬᠢᠷᠠᠭᠤᠯᠤᠨ᠎ᠠ᠃ ᠦᠨ᠎ᠡ ᠬᠠᠩᠰᠢ ᠶᠢᠨ ᠳᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠵᠤ᠂ ᠪᠦᠭᠦ ᠬᠤᠰᠢᠭᠤᠨ ᠤ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠠ ᠦᠨ᠎ᠡ ᠬᠠᠩᠰᠢ ᠶᠢᠨ ᠭᠠᠭᠴᠠᠭᠠᠷ ᠡᠵᠡᠮᠰᠢᠯ ᠤᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃     ︵ᠳᠥᠷᠪᠡ︶ ᠪᠥᠬᠦ ᠬᠤᠰᠢᠭᠤᠨ ᠤ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠭᠠᠳᠠᠭᠠᠳᠤ ᠨᠡᠭᠡᠭᠡᠯᠲᠡ ᠶᠢᠨ ᠴᠢᠬᠤᠯᠠ ᠶᠡᠭᠡ ᠠᠰᠠᠭᠤᠳᠠᠯ ᠢ ᠰᠤᠳᠤᠯᠤᠨ᠎ᠠ᠃ ᠶᠡᠷᠦᠩᠬᠡᠶᠢᠯᠡᠭᠰᠡᠨ ᠴᠢᠨᠠᠷᠲᠠᠢ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠲᠤᠰᠬᠠᠢ ᠵᠦᠢᠯ ᠤᠨ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠢ ᠵᠣᠬᠢᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠢ ᠵᠦᠢᠯ ᠤᠨ ᠠᠵᠤ ᠠᠬᠤᠢ ᠶᠢᠨ ᠪᠠᠶᠢᠭᠤᠯᠤᠮᠵᠢ ᠶᠢᠨ  ᠬᠠᠮᠲᠤᠷᠠᠯᠲᠠ ᠶᠢ ᠠᠬᠢᠭᠤᠯᠤᠨ᠎ᠠ᠃     ︵ᠲᠠᠪᠤ︶ ᠪᠥᠬᠦ ᠬᠤᠰᠢᠭᠤᠨ ᠤ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ ᠪᠠ ᠪᠡᠯᠡ ᠣᠷᠣᠭᠤᠯᠤᠯᠲᠠ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠬᠠᠷᠠᠯᠲᠠ᠂ ᠲᠥᠷᠥ ᠶᠢᠨ ᠪᠣᠳᠣᠯᠭ᠎ᠠ ᠵᠢᠴᠢ ᠠᠷᠭ᠎ᠠ ᠬᠡᠮᠵᠢᠶ᠎ᠡ ᠶᠢ ᠲᠣᠭᠲᠠᠭᠠᠵᠤ᠂ ᠵᠣᠯᠭᠠᠭᠤᠯᠤᠨ ᠲᠡᠩᠴᠡᠭᠦᠯᠬᠦ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠲᠣᠬᠢᠷᠠᠭᠤᠯᠬᠤ ᠪᠠ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠤᠯᠪᠣᠭᠳᠠᠬᠤ ᠲᠤᠰᠬᠠᠢ ᠲᠥᠯᠦᠪᠵᠢᠭᠦᠯᠭᠡ ᠶᠢ ᠲᠣᠭᠲᠠᠭᠠᠨ᠎ᠠ᠃ ᠤᠯᠤᠰ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠵᠦ ᠬᠢᠨᠠᠨ ᠵᠥᠪᠰᠢᠶᠡᠷᠡᠭᠰᠡᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠶᠢᠨ ᠬᠠᠮᠲᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠡᠳ᠋ ᠤᠨ ᠵᠠᠰᠠᠭ ᠤᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠵᠣᠬᠢᠴᠠᠭᠤᠯᠤᠨ ᠣᠯᠬᠤ ᠪᠠᠷ ᠴᠢᠷᠮᠠᠶᠢᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠪᠠᠷ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠬᠤᠯᠠ ᠶᠡᠭᠡ ᠭᠠᠳᠠᠭᠠᠳᠤ ᠳᠤ ᠬᠤᠯᠪᠣᠭᠳᠠᠬᠤ ᠲᠥᠷᠥᠯ ᠵᠦᠢᠯ ᠪᠠ ᠶᠡᠭᠡ ᠲᠣᠭᠠᠨ ᠤ ᠭᠤᠪᠢᠭᠤᠯᠭ᠎ᠠ ᠬᠡᠷᠡᠭᠯᠡᠬᠦ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠢᠨᠠᠨ ᠵᠥᠪᠰᠢᠶᠡᠷᠡᠬᠦ ᠂ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ᠂ ᠳᠡᠩᠰᠡᠯᠡᠵᠦ᠂ ᠪᠥᠬᠦ ᠬᠤᠰᠢᠭᠤᠨ ᠤ ᠤᠯᠤᠰ ᠤᠨ ᠭᠠᠳᠠᠨᠠᠬᠢ ᠵᠢᠭᠡᠯᠡᠯᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢ ᠵᠢᠯᠤᠭᠤᠳᠬᠤ ᠪᠠ ᠬᠢᠨᠠᠯᠲᠠ ᠲᠠᠯᠪᠢᠵᠤ᠂ ᠠᠷᠠᠳ ᠤᠨ ᠪᠡᠯᠡ ᠣᠷᠣᠭᠤᠯᠤᠯᠲᠠ ᠶᠢᠨ ᠴᠢᠭᠯᠡᠯ ᠢ ᠬᠥᠲᠥᠯᠥᠨ ᠵᠢᠯᠤᠭᠤᠳᠴᠤ᠂ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠥᠯᠦᠪᠵᠢᠭᠦᠯᠭᠡ᠂ ᠶᠡᠷᠦᠩᠬᠡᠢ ᠬᠡᠮᠵᠢᠶ᠎ᠡ ᠶᠢ ᠲᠡᠩᠴᠡᠭᠦᠯᠬᠦ ᠪᠠ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠵᠢᠴᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠪᠥᠬᠦ ᠬᠤᠰᠢᠭᠤᠨ ᠤ ᠢᠨᠵᠧᠨᠧᠷᠢᠩ ᠤᠨ ᠯᠠᠪᠯᠠᠭ᠎ᠠ ᠥᠭᠬᠦ ᠦᠢᠯᠡᠰ ᠤᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠯᠠᠪᠯᠠᠭ᠎ᠠ ᠥᠭᠴᠦ ᠬᠢᠨᠠᠨ ᠲᠣᠭᠲᠠᠭᠠᠬᠤ ᠠᠵᠢᠯ ᠢ ᠵᠢᠯᠣᠭᠤᠳᠤᠨ᠎ᠠ ᠪᠥᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠵᠢᠯᠣᠭᠤᠳᠤᠨ ᠵᠣᠬᠢᠴᠠᠭᠤᠯᠤᠨ᠎ᠠ᠃     ︵ᠵᠢᠷᠭᠤᠭ᠎ᠠ︶ ᠪᠥᠬᠦ ᠬᠤᠰᠢᠭᠤᠨ ᠤ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠶᠢ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠯᠭᠠᠭᠤᠯᠤᠨ ᠲᠡᠩᠴᠡᠭᠦᠯᠬᠦ ᠶᠢ ᠬᠠᠷᠢᠭᠤᠴᠠᠵᠤ᠂ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠲᠥᠯᠥᠪᠯᠡᠭᠡ ᠲᠠᠢ ᠵᠣᠯᠭᠠᠭᠤᠯᠤᠨ ᠲᠡᠩᠴᠡᠭᠦᠯᠬᠦ ᠶᠢ ᠰᠠᠶᠢᠲᠤᠷ ᠬᠢᠨ᠎ᠡ᠃ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ᠂ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠪᠥᠬᠦ ᠬᠤᠰᠢᠭᠤᠨ ᠤ ᠦᠢᠯᠡᠴᠢᠯᠡᠭᠡᠨ ᠤ ᠦᠢᠯᠡᠰ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠮᠢᠶ᠎ᠠ ᠪᠦᠬᠦᠢ ᠴᠢᠬᠤᠯᠠ ᠶᠡᠭᠡ ᠪᠥᠬᠦ ᠬᠤᠰᠢᠭᠤᠨ ᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ᠂ ᠠᠵᠤ ᠦᠢᠯᠡᠰ ᠤᠨ ᠮᠡᠷᠭᠡᠵᠢᠯ ᠤᠨ ᠳᠠᠪᠰᠢᠯᠲᠠ᠂ ᠠᠵᠤ ᠦᠢᠯᠡᠰ ᠤᠨ ᠲᠠᠰ ᠳᠡᠪᠰᠢᠬᠦ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃     ︵ᠳᠣᠯᠤᠭ᠎ᠠ︶ ᠪᠥᠬᠦ ᠬᠤᠰᠢᠭᠤᠨ ᠤ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠬᠦ ᠪᠠ ᠰᠢᠯᠭᠠᠨ ᠪᠠᠶᠢᠴᠠᠭᠠᠵᠤ ᠦᠨᠡᠯᠡᠨ ᠵᠢᠱᠢᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠬᠤᠰᠢᠭᠤᠨ ᠤ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠪᠦᠭᠦ ᠬᠤᠰᠢᠭᠤᠨ ᠤ ᠭᠠᠳᠠᠭᠰᠢ ᠨᠡᠭᠡᠭᠡᠬᠦ ᠠᠵᠢᠯ ᠢ ᠡᠭᠦᠷᠭᠡᠯᠡᠨ᠎ᠡ᠃ ᠪᠦᠭᠦ ᠬᠤᠰᠢᠭᠤᠨ ᠤ ᠨᠡᠭᠡᠭᠡᠨ ᠬᠥᠭᠵᠢᠭᠦᠯᠬᠦ ᠲᠣᠭᠤᠷᠢᠭ ᠤᠨ ᠲᠥᠯᠦᠪᠵᠢᠭᠦᠯᠭᠡ ᠪᠠ ᠬᠥᠭᠵᠢᠭᠦᠯᠦᠯᠲᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃     ︵ᠨᠠᠢᠮᠠ︶ ᠪᠥᠬᠦ ᠬᠤᠰᠢᠭᠤᠨ ᠤ ᠴᠢᠬᠤᠯᠠ ᠲᠠᠸᠠᠷ ᠤᠨ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ᠂ ᠠᠵᠤ ᠦᠢᠯᠡᠳᠪᠦᠷᠢ ᠶᠢᠨ ᠪᠦᠲᠦᠭᠡᠭᠳᠡᠬᠦᠨ ᠪᠠ ᠲᠦᠭᠦᠬᠡᠢ ᠮᠠᠲ᠋ᠧᠷᠢᠶᠠᠯ ᠢ ᠭᠠᠳᠠᠭᠠᠳᠤ  ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠬᠡᠮᠵᠢᠶ᠎ᠡ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠬᠡᠮᠵᠢᠶᠡᠨ ᠤ ᠲᠥᠯᠥᠪᠯᠡᠭᠡ ᠳᠤ ᠲᠣᠬᠢᠷᠠᠭᠤᠯᠤᠯᠲᠠ ᠬᠢᠵᠦ᠂ ᠪᠠᠶᠢᠯᠳᠤᠬᠤ ᠪᠣᠳᠣᠯᠭ᠎ᠠ ᠶᠢᠨ ᠣᠨ ᠪᠣᠳᠠᠰ ᠤᠨ ᠨᠥᠭᠡᠴᠡᠯᠡᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠪᠦᠭᠦ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠣᠨ ᠪᠣᠳᠠᠰ ᠢ ᠬᠤᠳᠠᠯᠳᠤᠨ ᠠᠪᠴᠤ ᠬᠠᠳᠠᠭᠠᠯᠠᠬᠤ᠂ ᠬᠡᠷᠡᠬᠯᠡᠭᠦ᠂ ᠡᠭᠡᠯᠵᠢᠯᠡᠭᠦᠯᠦᠨ ᠰᠣᠯᠢᠬᠤ ᠪᠠ ᠬᠠᠮᠢᠶᠠᠷᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃     ︵ᠶᠢᠰᠦ︶ ᠪᠥᠬᠦ ᠬᠤᠰᠢᠭᠤᠨ ᠤ ᠨᠡᠶᠢᠭᠡᠮ ᠤᠨ ᠬᠥᠭᠵᠢᠯᠲᠡ ᠬᠢᠭᠡᠳ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠬᠠᠷᠢᠭᠤᠴᠠᠵᠤ᠂ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠪᠥᠬᠦ ᠬᠤᠰᠢᠭᠤᠨ ᠤ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠶᠢ ᠪᠥᠬᠦ ᠬᠤᠰᠢᠭᠤᠨ ᠤ ᠠᠵᠢᠯ ᠣᠯᠭᠤᠯᠲᠠ ᠶᠢ ᠠᠬᠢᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠳᠤ ᠲᠣᠬᠢᠷᠠᠭᠤᠯᠤᠯᠲᠠ ᠬᠢᠬᠦ᠂ ᠨᠡᠶᠢᠭᠡᠮ ᠤᠨ ᠪᠠᠲᠤᠯᠠᠭ᠎ᠠ ᠪᠠ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠲᠡᠭᠦᠯᠳᠡᠷᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠨᠡᠶᠢᠭᠡᠮ ᠤᠨ ᠦᠢᠯᠡᠰ ᠤᠨ ᠬᠥᠭᠵᠢᠯᠲᠡ ᠪᠠ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃     ︵ᠠᠷᠪᠠ︶ ᠪᠥᠬᠦ ᠬᠤᠰᠢᠭᠤᠨ ᠤ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠪᠠ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠵᠤ ᠴᠣᠬᠤᠯᠠᠪᠤᠷᠢᠯᠠᠬᠤ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠣᠷᠴᠢᠯ ᠠᠵᠤ ᠠᠬᠤᠢ ᠶᠢ ᠬᠥᠭᠵᠢᠭᠦᠯᠬᠦ᠂ ᠪᠥᠬᠦ ᠨᠡᠶᠢᠭᠡᠮ ᠤᠨ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠲᠥᠯᠦᠪᠵᠢᠭᠦᠯᠭᠡ ᠵᠢᠴᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠦᠪᠵᠢᠭᠦᠯᠭᠡ᠂ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠴᠢᠬᠤᠯᠠ ᠶᠡᠭᠡ ᠠᠰᠠᠭᠤᠳᠠᠯ ᠢ ᠨᠠᠶᠢᠷᠠᠭᠤᠯᠤᠨ ᠵᠣᠬᠢᠶᠠᠬᠤ ᠳᠤ ᠣᠷᠣᠯᠴᠠᠵᠤ᠂ ᠪᠥᠬᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃     ︵ᠠᠷᠪᠠᠨ ᠨᠢᠭᠡ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠭᠠᠳᠠᠭᠠᠳᠤ ᠨᠡᠭᠡᠭᠡᠯᠲᠡ ᠶᠢᠨ ᠬᠠᠮᠢᠶ᠎ᠠ ᠪᠦᠬᠦᠢ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠥᠰᠥᠯ ᠵᠢᠴᠢ ᠪᠤᠰᠤᠳ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ᠎ᠠ᠃ ᠲᠣᠭᠲᠠᠭᠠᠯ ᠶᠣᠰᠣᠭᠠᠷ ᠪᠦᠭᠦ ᠬᠤᠰᠢᠭᠤᠨ ᠤ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯ ᠢ ᠵᠢᠯᠤᠭᠤᠳᠬᠤ ᠪᠠ ᠵᠣᠬᠢᠴᠠᠭᠤᠯᠤᠨ᠎ᠠ᠃     ︵ᠠᠷᠪᠠᠨ ᠬᠤᠶᠠᠷ︶ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠠᠮᠢᠶ᠎ᠠ ᠪᠦᠬᠦᠢ ᠠᠵᠢᠯ ᠲᠥᠷᠥᠯ ᠪᠠ ᠣᠷᠣᠨ ᠨᠤᠲᠤᠭ ᠤᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠪᠠᠶᠢᠴᠠᠭᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠡᠳ᠋ ᠤᠨ ᠵᠠᠰᠠᠭ ᠤᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠲᠣᠬᠢᠷᠠᠭᠤᠯᠤᠯᠲᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠠᠷᠪᠠᠨ ᠭᠤᠷᠪᠠ︶ ᠬᠤᠰᠢᠭᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯᠣᠨ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃     ᠠᠵᠢᠯᠯᠠᠬᠤ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠴᠡᠯᠡᠭᠡᠷ ᠲᠠᠯ᠎ᠠ ᠶᠡᠭᠡ ᠠᠰᠠᠷ ᠤᠨ 6 ᠳ᠋ᠤᠭᠠᠷ ᠳᠡᠭᠲᠡᠷ     ᠬᠠᠷᠢᠯᠴᠠᠬᠤ ᠤᠲᠠᠰᠤ᠄ 0471-8165903      ᠠᠵᠢᠯᠯᠠᠬᠤ ᠴᠠᠭ᠄ ᠦᠳᠡ ᠶᠢᠨ ᠡᠮᠦᠨᠡᠬᠢ 8᠄ 30 - 12᠄ 00᠂ ᠦᠳᠡ ᠶᠢᠨ ᠬᠤᠶᠢᠨᠠᠬᠢ 2᠄ 30 - 5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠭᠤᠴᠠᠯᠭᠠᠲᠠᠨ᠄ ᠬᠠᠨ ᠹᠧᠩ 
 
ᠢᠷᠡᠯᠲᠡ᠄ ᠲᠥᠮᠡᠳ‌ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号